ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ︽ | ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠲᠥᠯᠦᠪᠵᠢᠭᠦᠯᠭᠡ ︵2024 - | 2035 ᠣᠨ︶︾ ᠶᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ︽ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠲᠥᠯᠦᠪᠵᠢᠭᠦᠯᠭᠡ ︵ | 2024 - 2035 ᠣᠨ︶︾ ᠶᠢᠨ ᠭᠤᠣᠯ ᠠᠭᠤᠯᠭ᠎ᠠ ᠨᠢ ᠳᠣᠣᠷᠠᠬᠢ ᠮᠡᠲᠦ᠃ | ᠤᠯᠤᠰ ᠬᠦᠴᠦᠷᠬᠡᠭᠵᠢᠬᠦ ᠳᠤ ᠡᠷᠬᠡᠪᠰᠢ ᠤᠷᠢᠳ ᠢᠶᠠᠷ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠵᠦ᠂ ᠬᠥᠳᠡᠭᠡ | ᠠᠵᠤ ᠠᠬᠤᠢ ᠬᠦᠴᠦᠷᠬᠡᠭᠵᠢᠪᠡᠯ ᠰᠠᠶ᠋ᠢ ᠤᠯᠤᠰ ᠬᠦᠴᠦᠷᠬᠡᠭᠵᠢᠵᠦ ᠴᠢᠳᠠᠨ᠎ᠠ᠃ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠤᠨ ᠦᠨᠳᠦᠰᠦ ᠰᠠᠭᠤᠷᠢ ᠮᠥᠨ᠃ ᠰᠢᠨ᠎ᠡ | ᠪᠠᠶᠢᠳᠠᠯ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠡᠷᠬᠡᠪᠰᠢ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ | ᠪᠦᠲᠦᠭᠡᠨ ᠪᠠᠶᠢᠭᠤᠯᠬᠤ ᠶᠠᠪᠤᠳᠠᠯ ᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ | ᠶᠡᠷᠦᠩᠬᠡᠶᠢᠯᠡᠨ ᠵᠢᠯᠣᠭᠤᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠢ ᠬᠥᠲᠥᠯᠪᠦᠷᠢ ᠪᠤᠯᠭᠠᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ᠬᠥᠳᠡᠭᠡ | ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠶᠢᠨ ᠲᠥᠯᠥᠭᠡ ᠲᠤᠰ | ᠲᠥᠯᠦᠪᠵᠢᠭᠦᠯᠭᠡ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠤᠯᠤᠰ ᠤᠨ ᠪᠠᠶᠢᠳᠠᠯ | ᠲᠠᠷᠢᠶᠠᠯᠠᠩ ᠤᠨ ᠪᠠᠶᠢᠳᠠᠯ ᠳᠤ ᠰᠠᠭᠤᠷᠢᠯᠠᠨ᠂ ᠳᠤᠮᠳᠠᠳᠤ ᠤᠯᠤᠰ ᠤᠨ ᠣᠨᠴᠠᠯᠢᠭ ᠢ ᠢᠯᠡᠷᠡᠭᠦᠯᠵᠦ᠂ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠨ᠂ ᠬᠥᠳᠡᠭᠡ ᠠᠵᠤ ᠠᠬᠤᠢ | ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ︽ᠮᠢᠩᠭ᠎ᠠ ᠲᠦᠮᠡ ᠶᠢᠨ ᠢᠨᠵᠧᠨᠧᠷᠢᠩ︾ ᠤᠨ | ᠲᠤᠷᠰᠢᠯᠭ᠎ᠠ ᠶᠢ ᠬᠡᠷᠡᠭᠯᠡᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠪᠠ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠤ ᠬᠤᠷᠢᠭ᠎ᠠ ᠱᠤᠭᠤᠮ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠨᠠᠩ ᠥᠨᠳᠥᠷ | ᠲᠦᠪᠰᠢᠨ ᠢᠶᠠᠷ ᠪᠠᠲᠤ ᠰᠠᠬᠢᠵᠤ᠂ ᠠᠵᠢᠯᠯᠠᠵᠤ ᠠᠮᠢᠳᠤᠷᠠᠬᠤ ᠳᠤ ᠲᠣᠬᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠲᠦᠷᠭᠡᠳᠬᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠬᠦᠴᠦᠲᠡᠢ ᠪᠦᠲᠦᠮᠵᠢᠲᠡᠶ ᠠᠬᠢᠭᠤᠯᠵᠤ᠂ ᠬᠠᠩᠭᠠᠯᠭ᠎ᠠ ᠶᠢᠨ ᠪᠠᠲᠤᠯᠠᠭ᠎ᠠ ᠴᠢᠩᠭ᠎ᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠨᠣᠭᠯᠠᠯ ᠴᠢᠩᠭ᠎ᠠ᠂ ᠡᠵᠡᠩᠨᠡᠯᠲᠡ ᠶᠢᠨ ᠰᠢᠰᠲ᠋ᠧᠮ ᠴᠢᠩᠭ᠎ᠠ᠂ ᠠᠵᠤ ᠦᠢᠯᠡᠰ ᠤᠨ ᠤᠶᠠᠨ ᠬᠠᠳᠠᠨ | ᠴᠢᠨᠠᠷ ᠴᠢᠩᠭ᠎ᠠ᠂ ᠥᠷᠢᠰᠦᠯᠳᠦᠬᠦ ᠴᠢᠳᠠᠪᠤᠷᠢ ᠪᠠᠷ ᠴᠢᠩᠭ᠎ᠠ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ | ᠲᠦᠷᠭᠡᠳᠬᠡᠨ ᠪᠠᠶᠢᠭᠤᠯᠵᠤ᠂ ᠥᠷᠭᠡᠨ ᠣᠯᠠᠨ ᠲᠠᠷᠢᠶᠠᠴᠢᠳ ᠢ ᠨᠠᠩ ᠰᠠᠶᠢᠨ ᠰᠠᠶᠢᠬᠠᠨ ᠠᠮᠢᠳᠤᠷᠠᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠠᠵᠢᠯ ᠤᠨ ᠳᠤᠮᠳᠠ ᠪᠠᠨ ᠪᠡᠶᠡᠯᠡᠭᠦᠯᠬᠦ ᠵᠦᠢᠯ᠄ ᠦᠢᠯᠡᠳᠪᠦᠷᠢᠯᠡᠯ ᠤᠨ ᠴᠢᠳᠠᠪᠤᠷᠢ ᠪᠠᠨ ᠪᠠᠬᠢᠵᠢᠭᠦᠯᠵᠦ᠂ ᠰᠠᠭᠤᠷᠢ ᠪᠠᠨ | ᠪᠠᠲᠤ ᠴᠣᠭᠴᠠᠯᠠᠵᠤ᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠭᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠳᠤᠲᠠᠭᠤᠳᠠᠯ ᠲᠠᠢ ᠨᠢᠭᠲᠠ ᠤᠶᠠᠯᠳᠤᠭᠤᠯᠤᠨ᠂ ᠲᠣᠨᠤᠭ ᠲᠥᠬᠦᠭᠡᠷᠦᠮᠵᠢ ᠶᠢᠨ | ᠰᠠᠭᠤᠷᠢ᠂ ᠮᠡᠷᠭᠡᠵᠢᠯ ᠤᠨ ᠰᠠᠭᠤᠷᠢ᠂ ᠲᠣᠨᠣᠭᠯᠠᠯ ᠤᠨ ᠰᠠᠭᠤᠷᠢ᠂ ᠲᠥᠷᠥ ᠶᠢᠨ ᠪᠣᠳᠣᠯᠭ᠎ᠠ ᠶᠢᠨ ᠰᠠᠭᠤᠷᠢ᠂ ᠳᠦᠷᠢᠮ ᠤᠨ | ᠰᠠᠭᠤᠷᠢ ᠶᠢ ᠪᠠᠬᠢᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠥᠨᠳᠥᠷ ᠲᠦᠪᠰᠢᠨ ᠢᠶᠠᠷ | ᠪᠠᠲᠤ ᠡᠵᠡᠮᠳᠡᠨ᠎ᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ᠂ ᠬᠥᠳᠡᠯᠭᠡᠬᠦ ᠡᠨᠧᠷᠭᠢ ᠶᠢ ᠨᠡᠮᠡᠭᠳᠡᠭᠦᠯᠵᠦ᠂ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠠᠬᠢ ᠰᠢᠨ᠎ᠡ ᠶᠢ ᠡᠭᠦᠳᠬᠦ ᠶᠢᠨ ᠭᠤᠣᠯᠯᠠᠬᠤ ᠪᠠᠶᠢᠷᠢ | ᠰᠠᠭᠤᠷᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ | ᠴᠢᠩᠭᠠᠳᠬᠠᠵᠤ᠂ ᠬᠥᠳᠡᠭᠡ ᠠᠵᠤ ᠠᠬᠤᠢ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ | ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠬᠥᠳᠡᠭᠡ ᠠᠵᠤ ᠠᠬᠤᠢ ᠶᠢᠨ ᠰᠢᠨ᠎ᠡ ᠶᠢ ᠡᠭᠦᠳᠬᠦ ᠬᠦᠴᠦᠨ᠂ ᠥᠷᠢᠰᠦᠯᠳᠦᠬᠦ ᠬᠦᠴᠦᠨ᠂ ᠪᠦᠭᠦ | ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢᠨ ᠨᠥᠭᠡᠴᠡ ᠬᠦᠴᠦᠨ ᠢ ᠴᠢᠩᠭᠠᠷᠠᠭᠤᠯᠤᠨ᠎ᠠ᠃ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ᠂ ᠰᠠᠭᠤᠷᠢ ᠥᠩᠭᠡ ᠶᠢ ᠢᠯᠡᠷᠡᠭᠦᠯᠵᠦ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ | ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠨ ᠪᠤᠶ ᠪᠤᠯᠭᠠᠵᠤ᠂ ᠪᠣᠬᠢᠷᠳᠤᠯ ᠦᠭᠡᠢ | ᠣᠷᠴᠢᠯᠲᠤ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠢᠯᠡ | ᠲᠣᠳᠣ ᠰᠠᠭᠤᠷᠢ ᠥᠩᠭᠡ ᠪᠣᠯᠭᠠᠨ᠎ᠠ᠃ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠲᠠᠷᠢᠶᠠᠴᠢᠳ ᠢ ᠪᠠᠶᠠᠵᠢᠭᠤᠯᠤᠨ᠂ | ᠵᠢᠵᠢᠭ ᠲᠠᠷᠢᠶᠠᠴᠢᠨ ᠡᠷᠦᠭᠡ ᠶᠢᠨ ᠠᠰᠢᠭ ᠲᠤᠰᠠ ᠶᠢ ᠬᠠᠮᠠᠭᠠᠯᠠᠬᠤ ᠶᠢ ᠴᠢᠬᠤᠯᠠᠴᠢᠯᠠᠵᠤ᠂ ᠲᠠᠷᠢᠶᠠᠴᠢᠳ ᠤᠨ ᠣᠷᠣᠯᠭ᠎ᠠ ᠶᠢ | ᠦᠷᠭᠦᠯᠵᠢᠯᠡᠨ ᠨᠡᠮᠡᠭᠳᠡᠭᠦᠯᠬᠦ᠂ ᠬᠤᠳᠠ ᠬᠥᠳᠡᠭᠡ ᠶᠢᠨ ᠣᠷᠣᠯᠭ᠎ᠠ ᠶᠢᠨ ᠵᠥᠷᠢᠶ᠎ᠡ ᠶᠢ ᠦᠷᠭᠦᠯᠵᠢᠯᠡᠨ ᠪᠠᠭᠠᠰᠬᠠᠬᠤ ᠪᠠᠷ | ᠭᠤᠣᠯᠳᠠᠯᠭ᠎ᠠ ᠪᠣᠯᠭᠠᠨ᠂ ᠠᠵᠤ ᠦᠢᠯᠡᠰ ᠤᠨ ᠬᠥᠭᠵᠢᠯᠲᠡ᠂ ᠠᠵᠢᠯ ᠡᠷᠭᠢᠯᠡᠭᠦ ᠠᠵᠢᠯ ᠣᠯᠭᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ | ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠦᠨ᠂ ᠬᠡᠪᠴᠢᠶᠡᠵᠢᠯ ᠤᠨ ᠴᠢᠨᠠᠷᠲᠠᠢ ᠲᠠᠭᠢᠨ | ᠶᠠᠳᠠᠭᠤᠷᠠᠬᠤ ᠶᠠᠪᠤᠳᠠᠯ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠬᠤᠳᠠ ᠬᠥᠳᠡᠭᠡ ᠶᠢᠨ ᠬᠠᠮᠲᠤ ᠪᠠᠷ | ᠴᠡᠴᠡᠭᠯᠡᠨ ᠬᠥᠭᠵᠢᠬᠦ ᠶᠢ ᠠᠬᠢᠭᠤᠯᠤᠨ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠷᠢᠶᠠᠴᠢᠳ ᠲᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ᠃ ᠠᠯᠬᠤᠮ | ᠲᠠᠷᠠᠭ᠎ᠠ ᠲᠠᠢ ᠪᠠᠷ ᠠᠬᠢᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠬᠢ ᠪᠠᠶᠠᠯᠢᠭ ᠤᠨ ᠳᠠᠪᠠᠭᠤᠯᠢᠭ ᠪᠠ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠵᠤ᠂ | ᠬᠥᠳᠡᠭᠡ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠬᠥᠭᠵᠢᠯᠲᠡ ᠳᠤ ᠬᠠᠮᠤᠭ ᠤᠨ ᠲᠤᠯᠭᠠᠮ᠂ ᠲᠠᠷᠢᠶᠠᠴᠢᠳ ᠤᠨ ᠲᠤᠰᠬᠠᠯ ᠬᠠᠮᠤᠭ ᠤᠨ ᠴᠢᠩᠭ᠎ᠠ ᠪᠠᠶᠢᠭ᠎ᠠ ᠪᠣᠳᠠᠲᠠᠢ | ᠠᠰᠠᠭᠤᠳᠠᠯ ᠠᠴᠠ ᠭᠠᠷᠳᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠵᠤ᠂ ᠱᠠᠲᠤ ᠦᠶ᠎ᠡ ᠬᠤᠪᠢᠶᠠᠨ ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ | ᠭᠤᠣᠯ ᠬᠠᠷᠠᠯᠲᠠ᠄ 2027 ᠣᠨ ᠪᠤᠯᠬᠤ ᠳᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢ ᠢᠯᠡᠳᠲᠡ ᠠᠬᠢᠴᠠ ᠲᠠᠢ ᠪᠣᠯᠭᠠᠨ᠎ᠠ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠠᠵᠢᠯ ᠮᠥᠨ ᠴᠢᠨᠠᠷ ᠤᠨ ᠠᠬᠢᠴᠠ ᠲᠠᠢ ᠪᠣᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢᠨ ᠲᠠᠯ᠎ᠠ ᠪᠠᠷ ᠰᠢᠨ᠎ᠡ ᠳᠡᠭᠲᠡᠷ ᠲᠤ ᠭᠠᠷᠤᠨ᠎ᠠ᠃ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ 1.4 ᠲᠦᠮᠡᠨ ᠳ᠋ᠦᠩᠰᠢᠭᠤᠷ ᠵᠢᠩ ᠳᠤ ᠬᠦᠷᠭᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠵᠦᠢ | ᠵᠣᠬᠢᠰᠲᠠᠢ ᠥᠪᠡᠷ ᠢ ᠪᠠᠨ ᠬᠠᠩᠭᠠᠬᠤ ᠲᠦᠪᠰᠢᠨ ᠢ ᠪᠠᠲᠤᠯᠠᠨ᠎ᠠ᠃ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠨᠣᠭᠯᠠᠯ ᠤᠨ ᠲᠤᠯᠭᠠᠭᠤᠷᠢᠯᠠᠯ ᠦᠷᠭᠦᠯᠵᠢᠯᠡᠨ ᠴᠢᠩᠭᠠᠷᠠᠵᠤ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠰᠢᠪᠲᠤᠯᠤᠯᠲᠠ ᠲᠠᠢ ᠪᠣᠯᠵᠤ᠂ ᠦᠷ᠎ᠡ ᠡᠭᠦᠯᠳᠡᠷ ᠪᠤᠶᠢᠵᠢᠭᠤᠯᠬᠤ ᠪᠣᠭᠤᠮᠲᠠ | ᠰᠢᠪᠲᠤᠯᠬᠤ ᠠᠵᠢᠯ ᠢᠯᠡᠳᠲᠡ ᠠᠬᠢᠴᠠ ᠲᠠᠢ ᠪᠣᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ | ᠨᠥᠬᠦᠪᠦᠷᠢᠯᠡᠬᠦ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠣᠨ᠎ᠠ᠃ ᠤᠳᠤ ᠦᠶ᠎ᠡ ᠶᠢᠨ ᠬᠥᠳᠡᠭᠡ ᠲᠣᠰᠬᠤᠨ ᠤ ᠠᠵᠤ | ᠦᠢᠯᠡᠰ ᠤᠨ ᠰᠢᠰᠲ᠋ᠧᠮ ᠢ ᠦᠨᠳᠦᠰᠦᠨ ᠳᠡᠭᠡᠨ ᠪᠦᠷᠢᠨᠰᠢᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ | ᠦᠷᠳᠡᠭ ᠤᠨ ᠬᠡᠯᠬᠢᠶ᠎ᠡ ᠶᠢ ᠤᠷᠲᠤᠳᠬᠠᠨ ᠥᠷᠭᠡᠳᠬᠡᠵᠦ᠂ ᠬᠥᠳᠡᠭᠡ ᠠᠵᠤ ᠠᠬᠤᠢ ᠶᠢᠨ ᠳᠡᠯᠡᠬᠡᠢ ᠳᠡᠭᠡᠷᠡᠬᠢ ᠥᠷᠢᠰᠦᠯᠳᠦᠬᠦ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠵᠢᠯᠯᠠᠵᠤ ᠠᠮᠢᠳᠤᠷᠠᠬᠤ ᠳᠤ ᠲᠣᠬᠢᠲᠠᠢ ᠡᠶ᠎ᠡ ᠵᠣᠬᠢᠴᠠᠩᠭᠤᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠢᠳᠡᠪᠬᠢᠲᠡᠢ ᠠᠬᠢᠵᠤ᠂ ᠬᠥᠳᠡᠭᠡ | ᠲᠣᠰᠬᠤᠨ ᠤ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠣᠯᠠᠨ ᠲᠦᠮᠡᠨ ᠳᠤ ᠮᠡᠳᠡᠭᠳᠡᠮ᠎ᠡ ᠮᠡᠳᠡᠷᠡᠭᠳᠡᠮᠡ | ᠨᠢᠭᠡ ᠪᠦᠯᠦᠭ ᠪᠣᠳᠠᠲᠤ ᠶᠠᠪᠤᠳᠠᠯ ᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠨ ᠪᠡᠶᠡᠯᠡᠭᠦᠯᠵᠦ᠂ ᠶᠠᠪᠤᠵᠤ | ᠰᠠᠭᠤᠬᠤ᠂ ᠤᠰᠤ ᠬᠡᠷᠡᠭᠯᠡᠬᠦ᠂ ᠵᠣᠷᠯᠣᠩ ᠬᠡᠷᠡᠭᠯᠡᠬᠦ ᠳᠤ ᠲᠥᠭᠦᠮ ᠪᠤᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ | ᠪᠣᠬᠢᠷ ᠤᠰᠤ ᠶᠢ ᠵᠠᠰᠠᠬᠤ᠂ ᠣᠨᠣᠰᠢᠯᠠᠨ ᠡᠮᠨᠡᠬᠦ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ᠂ ᠨᠤᠲᠤᠭ ᠤᠨ | ᠰᠤᠷᠲᠠᠯ ᠪᠣᠯᠪᠠᠰᠤᠨ᠂ ᠠᠵᠤ ᠦᠢᠯᠡᠰ ᠢᠶᠠᠷ ᠲᠠᠷᠢᠶᠠᠯᠠᠩ ᠢ ᠳᠠᠶᠢᠴᠢᠯᠠᠬᠤ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢᠨ ᠨᠡᠮᠡᠭᠳᠡᠯ | ᠬᠢᠭᠡᠳ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ ᠢ ᠦᠨᠳᠦᠰᠦᠨ ᠳᠡᠭᠡᠨ | ᠠᠳᠠᠯᠢ ᠠᠯᠬᠤᠮ ᠲᠠᠢ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ | ᠦᠷᠭᠦᠯᠵᠢᠯᠡᠨ ᠪᠠᠭᠠᠰᠬᠠᠨ᠎ᠠ᠃ 2035 ᠣᠨ ᠪᠤᠯᠬᠤ ᠳᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠣᠨ᠎ᠠ᠃ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠠᠵᠢᠯ ᠰᠢᠢᠳᠪᠦᠷᠢᠲᠦ ᠴᠢᠨᠠᠷᠲᠠᠢ ᠠᠬᠢᠴᠠ ᠲᠠᠢ ᠪᠣᠯᠵᠤ᠂ ᠬᠥᠳᠡᠭᠡ ᠠᠵᠤ ᠠᠬᠤᠢ ᠶᠢᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ | ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ᠂ | ᠬᠠᠩᠭᠠᠯᠭ᠎ᠠ ᠨᠠᠩ ᠠᠮᠤᠷ ᠲᠦᠪᠰᠢᠨ ᠪᠣᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠡᠯᠬᠢᠶ᠎ᠡ ᠶᠢᠨ ᠲᠠᠰ ᠳᠡᠪᠰᠢᠵᠦ | ᠲᠡᠭᠦᠯᠳᠡᠷᠵᠢᠬᠦ᠂ ᠠᠭᠤᠰᠤᠯᠴᠠᠬᠤ ᠨᠠᠩ ᠭᠦᠢᠴᠡᠳ ᠪᠣᠯᠵᠤ᠂ ᠬᠥᠳᠡᠭᠡ ᠲᠣᠰᠬᠤᠨ ᠤ ᠲᠥᠬᠦᠭᠡᠷᠦᠮᠵᠢ ᠪᠦᠷᠢᠨ ᠲᠥᠬᠦᠷ᠂ | ᠠᠮᠢᠳᠤᠷᠠᠯ ᠨᠠᠩ ᠳᠥᠭᠦᠮ ᠳᠥᠲᠡ ᠪᠣᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡ ᠲᠦᠭᠡᠮᠡᠯ | ᠬᠠᠷᠠᠭᠠᠯᠵᠠᠯᠲᠤ ᠠᠳᠠᠯᠢ ᠲᠡᠭᠰᠢ ᠪᠣᠯᠵᠤ᠂ ᠪᠠᠲᠤᠯᠠᠭ᠎ᠠ ᠨᠠᠩ ᠬᠦᠴᠦᠲᠡᠢ ᠪᠣᠯᠵᠤ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠨᠠᠩ ᠲᠡᠭᠦᠯᠳᠡᠷᠵᠢᠵᠦ᠂ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮ ᠦᠨᠳᠦᠰᠦᠨ ᠳᠡᠭᠡᠨ ᠲᠡᠭᠦᠯᠳᠡᠷᠵᠢᠵᠦ᠂ ᠨᠡᠶᠢᠭᠡᠮ ᠨᠠᠩ ᠠᠮᠤᠷ ᠲᠣᠭᠲᠠᠭᠤᠨ ᠪᠣᠯᠵᠤ᠂ ᠲᠠᠷᠢᠶᠠᠴᠢᠳ ᠤᠨ | ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠲᠠ ᠬᠥᠳᠡᠭᠡ ᠶᠢᠨ ᠬᠥᠭᠵᠢᠯᠲᠡ ᠨᠠᠩ ᠵᠣᠬᠢᠴᠠᠩᠭᠤᠢ ᠪᠣᠯᠣᠨ᠎ᠠ᠃ ᠲᠤᠰ | ᠵᠠᠭᠤᠨ ᠤ ᠳᠤᠮᠳᠠᠴᠢ ᠪᠤᠯᠬᠤ ᠳᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ | ᠪᠦᠲᠦᠭᠡᠨ᠎ᠡ᠃ ᠬᠠᠩᠭᠠᠯᠭ᠎ᠠ ᠶᠢᠨ ᠪᠠᠲᠤᠯᠠᠭ᠎ᠠ ᠠᠮᠤᠷ ᠲᠦᠪᠰᠢᠨ ᠨᠠᠶᠢᠳᠠᠪᠤᠷᠢᠲᠠᠢ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠨᠢ ᠪᠡᠶ᠎ᠡ ᠪᠠᠨ ᠳᠠᠭᠠᠭᠠᠵᠤ ᠬᠦᠴᠦᠷᠬᠡᠭᠵᠢᠵᠦ᠂ ᠲᠤᠨᠤᠭ ᠲᠥᠬᠦᠭᠡᠷᠦᠮᠵᠢ ᠨᠢ ᠢᠵᠢ | ᠪᠦᠷᠢᠳᠦᠨ ᠲᠡᠭᠦᠯᠳᠡᠷᠵᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠡᠯᠬᠢᠶ᠎ᠡ ᠪᠦᠷᠢᠨᠰᠢᠭᠰᠡᠨ ᠪᠥᠭᠡᠳ ᠥᠨᠳᠥᠷ | ᠪᠦᠲᠦᠮᠵᠢᠲᠡᠢ ᠪᠣᠯᠵᠤ᠂ ᠬᠥᠳᠡᠭᠡ ᠲᠣᠰᠬᠤᠨ ᠪᠣᠯᠪᠠᠰᠤᠨ ᠦᠵᠡᠰᠬᠦᠯᠡᠩᠲᠦ ᠰᠠᠶᠢᠬᠠᠨ᠂ ᠲᠠᠷᠢᠶᠠᠴᠢᠳ ᠤᠨ ᠠᠮᠢᠳᠤᠷᠠᠯ ᠵᠣᠯ | ᠵᠢᠷᠭᠠᠯ ᠲᠠᠢ ᠰᠠᠶᠢᠨ ᠰᠠᠶᠢᠬᠠᠨ ᠪᠣᠯᠵᠤ᠂ ᠤᠯᠠᠨ ᠤᠯᠤᠰ ᠤᠨ ᠥᠷᠢᠰᠦᠯᠳᠦᠭᠡᠨ ᠤ ᠳᠠᠪᠠᠭᠤᠯᠢᠭ ᠢᠯᠡᠷᠬᠡᠢ ᠪᠣᠯᠵᠤ᠂ ᠬᠤᠳᠠ | ᠬᠥᠳᠡᠭᠡ ᠪᠦᠭᠦ ᠲᠠᠯ᠎ᠠ ᠪᠠᠷ ᠠᠭᠤᠰᠤᠯᠴᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ | ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠦᠭᠦ ᠲᠠᠯ᠎ᠠ ᠪᠠᠷ ᠪᠡᠶᠡᠯᠡᠭᠦᠯᠦᠨ᠎ᠡ᠃ | ᠬᠤᠶᠠᠷ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠵᠦ᠂ ᠳᠤᠮᠳᠠᠳᠤᠴᠤᠳ ᠤᠨ | ᠪᠤᠳᠠᠭᠠᠨ ᠠᠶᠠᠭ᠎ᠠ ᠶᠢ ᠨᠠᠩ ᠪᠠᠲᠤ ᠨᠠᠩ ᠯᠠᠪᠳᠠᠭᠤᠨ ᠪᠠᠶᠢᠯᠭᠠᠨ᠎ᠠ | ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ | ᠪᠠᠲᠤᠯᠠᠬᠤ ᠶᠢ ᠲᠡᠷᠢᠭᠦᠨ ᠴᠢᠬᠤᠯᠠ ᠶᠠᠪᠤᠳᠠᠯ ᠪᠤᠯᠭᠠᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠪᠠᠲᠤᠯᠠᠬᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ | ᠪᠣᠳᠠᠰ ᠤᠨ ᠰᠠᠭᠤᠷᠢ ᠶᠢ ᠪᠠᠲᠤ ᠴᠣᠭᠴᠠᠯᠠᠨ᠎ᠠ᠃ | ︵ᠨᠢᠭᠡ︶ ᠲᠠᠷᠢᠶᠠᠨ ᠭᠠᠵᠠᠷ ᠤᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ | ᠴᠢᠩᠭᠠᠳᠬᠠᠨ᠎ᠠ᠃ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ︽ᠭᠤᠷᠪᠠ ᠶᠢ ᠨᠢᠭᠡ | ᠴᠣᠭᠴᠠᠵᠢᠭᠤᠯᠬᠤ︾ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠨᠢᠭᠡᠳᠦᠯᠲᠡᠢ ᠬᠠᠮᠢᠶᠠᠷᠤᠯᠲᠠ ᠳᠤ ᠣᠷᠣᠭᠤᠯᠤᠨ᠂ ᠲᠠᠷᠢᠶᠠᠨ ᠭᠠᠵᠠᠷ ᠤᠨ ᠶᠠᠰᠤ | ᠴᠢᠨᠠᠷ ᠢ ᠰᠢᠯᠭᠠᠨ ᠠᠪᠬᠤ ᠲᠣᠭᠲᠠᠴᠠ ᠶᠢ ᠨᠥᠬᠦᠪᠦᠷᠢᠯᠡᠨ ᠲᠡᠭᠦᠯᠳᠡᠷᠵᠢᠭᠦᠯᠵᠦ᠂ ᠲᠡᠩᠴᠡᠭᠦᠷᠢᠲᠡᠢ ᠪᠠᠶᠢᠯᠭᠠᠬᠤ ᠪᠠᠷᠢᠮᠵᠢᠶ᠎ᠠ ᠳᠤ | ᠬᠦᠷᠭᠡᠬᠦ ᠶᠢ ᠦᠨᠡᠨ ᠬᠦ ᠪᠠᠲᠤᠯᠠᠨ᠎ᠠ᠃ 18.65 ᠳ᠋ᠦᠩᠰᠢᠭᠤᠷ ᠮᠦ ᠲᠠᠷᠢᠶᠠᠨ ᠭᠠᠵᠠᠷ ᠪᠠ 15.46 ᠳ᠋ᠦᠩᠰᠢᠭᠤᠷ ᠮᠦ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠨ᠎ᠠ᠃ ᠬᠤᠵᠢᠷᠯᠢᠭ | ᠭᠠᠵᠠᠷ ᠢ ᠵᠠᠰᠠᠵᠤ ᠰᠠᠶᠢᠵᠢᠷᠠᠭᠤᠯᠬᠤ ᠠᠵᠢᠯ ᠢ ᠣᠷᠣᠨ ᠬᠤᠪᠢᠶᠠᠨ ᠲᠥᠷᠥᠯ ᠬᠤᠪᠢᠶᠠᠨ ᠥᠷᠨᠢᠭᠦᠯᠵᠦ᠂ ᠬᠤᠵᠢᠷᠯᠢᠭ ᠭᠠᠵᠠᠷ | ᠵᠡᠷᠭᠡ ᠲᠠᠷᠢᠶᠠᠨ ᠭᠠᠵᠠᠷ ᠤᠨ ᠨᠥᠭᠡᠴᠡ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠠᠬᠢᠭᠤᠯᠤᠨ᠎ᠠ᠃ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ᠂ ᠲᠠᠯ᠎ᠠ ᠭᠠᠵᠠᠷ᠂ | ᠤᠰᠤᠨ ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠤ ᠲᠠᠷᠢᠶᠠᠨ ᠭᠠᠵᠠᠷ ᠢ | ᠤᠷᠢᠳ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠪᠦᠲᠦᠭᠡᠨ ᠪᠠᠶᠢᠭᠤᠯᠬᠤ | ᠪᠠᠷᠢᠮᠵᠢᠶ᠎ᠠ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠨᠥᠬᠦᠴᠡᠯ ᠪᠦᠷᠢᠯᠳᠦᠭᠦᠯᠦᠭᠰᠡᠨ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠢ ᠪᠦᠭᠦᠨ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ | ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠢᠯᠭᠠᠨ ᠠᠪᠬᠤ᠂ | ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ | ᠲᠠᠷᠢᠶᠠᠨ ᠭᠠᠵᠠᠷ ᠤᠨ ᠣᠷᠭᠠᠨᠢᠭ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠬᠠᠷ᠎ᠠ ᠬᠥᠷᠥᠰᠥᠲᠦ ᠭᠠᠵᠠᠷ ᠢ | ᠬᠠᠮᠠᠭᠠᠯᠠᠨ ᠠᠰᠢᠭᠯᠠᠬᠤ ᠪᠠ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠴᠢᠩᠭᠠᠳᠬᠠᠨ᠎ᠠ᠃ ᠣᠳᠣᠬᠢᠴᠢᠯᠠᠭᠰᠠᠨ | ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ | ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠢ ᠲᠡᠭᠦᠯᠳᠡᠷᠵᠢᠭᠦᠯᠦᠨ᠎ᠡ᠃ ᠬᠥᠳᠡᠭᠡ ᠠᠵᠤ ᠠᠬᠤᠢ ᠶᠢᠨ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠭᠦ ᠲᠠᠯ᠎ᠠ ᠪᠠᠷ | ᠳᠡᠭᠡᠭᠰᠢᠯᠡᠭᠦᠯᠦᠨ᠎ᠡ᠃ | ︵ᠬᠤᠶᠠᠷ︶ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠦᠪᠰᠢᠨ ᠢ | ᠳᠡᠭᠡᠭᠰᠢᠯᠡᠭᠦᠯᠦᠨ᠎ᠡ᠃ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭ᠎ᠠ ᠲᠣᠰᠣ ᠵᠡᠷᠭᠡ ᠭᠤᠣᠯ | ᠪᠤᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢ ᠲᠦᠷᠭᠡᠳᠬᠡᠨ ᠪᠠᠶᠢᠭᠤᠯᠤᠨ᠎ᠠ᠃ | ᠤᠰᠤᠨ ᠲᠤᠲᠤᠷᠭ᠎ᠠ᠂ ᠪᠤᠭᠤᠳᠠᠢ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠪᠦᠲᠦᠴᠡ ᠶᠢ ᠰᠢᠯᠢᠳᠡᠭᠵᠢᠭᠦᠯᠬᠦ ᠪᠠ | ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠤᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠥᠮᠥᠰᠥ ᠶᠢᠨ | ᠲᠥᠷᠥᠯ ᠤᠨ ᠡᠯᠳᠡᠪ ᠠᠮᠤ ᠶᠢ ᠬᠥᠭᠵᠢᠭᠦᠯᠦᠨ᠎ᠡ᠃ ᠰᠢᠯᠢᠮᠳᠡᠭ᠂ ᠯᠣᠬᠠᠱᠧᠩ ᠵᠡᠷᠭᠡ ᠲᠣᠰᠣᠯᠢᠭ ᠲᠠᠷᠢᠮᠠᠯ ᠤᠨ | ᠦᠢᠯᠡᠳᠪᠦᠷᠢᠯᠡᠯ ᠤᠨ ᠳᠠᠯᠳᠠ ᠬᠦᠴᠦᠨ ᠢ ᠠᠭᠤᠳᠠᠯᠵᠤ᠂ ᠲᠣᠰᠣᠨ ᠴᠠᠢ᠂ ᠠᠮᠢᠲᠠᠨ ᠤ ᠥᠭᠡᠬᠦ ᠶᠢᠨ ᠲᠣᠰᠣ ᠵᠡᠷᠭᠡ | ᠲᠣᠰᠣᠨ ᠤ ᠢᠷᠡᠯᠲᠡ ᠶᠢ ᠥᠷᠭᠡᠳᠬᠡᠨ᠎ᠡ᠃ ︽ᠢᠳᠡᠰᠢ ᠶᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ᠂ ᠡᠮᠦᠨᠡᠲᠦ ᠶᠢᠨ ᠨᠣᠭᠤᠭ᠎ᠠ ᠶᠢ ᠤᠮᠠᠷᠠᠰᠢ ᠵᠥᠭᠡᠭᠡᠪᠦᠷᠢᠯᠡᠬᠦ ᠪᠠ ᠬᠦᠢᠲᠡᠨ | ᠰᠡᠷᠢᠭᠦᠨ ᠭᠠᠵᠠᠷ ᠣᠷᠣᠨ ᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠬᠥᠭᠵᠢᠭᠦᠯᠵᠦ᠂ ᠭᠠᠭ᠋ᠠᠢ ᠶᠢᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠦ ᠶᠢᠨ ᠦᠢᠯᠡᠰ ᠤᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠵᠦ᠂ ᠮᠢᠬᠠᠨ ᠤ ᠦᠬᠡᠷ ᠬᠤᠨᠢᠨ ᠤ ᠲᠤᠭ᠎ᠠ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠭᠦ | ᠠᠵᠢᠯᠯᠠᠭ᠎ᠠ ᠶᠢ ᠥᠷᠨᠢᠭᠦᠯᠵᠦ᠂ ᠣᠲᠣ ᠦᠶ᠎ᠡ ᠶᠢᠨ ᠵᠢᠭᠠᠰᠤᠨ ᠠᠵᠤ ᠠᠬᠤᠢ ᠶᠢ ᠬᠥᠭᠵᠢᠭᠦᠯᠦᠨ᠎ᠡ᠃ ᠰᠢᠬᠢᠷᠯᠢᠭ ᠲᠠᠷᠢᠮᠠᠯ ᠤᠨ | ᠨᠢᠰᠢᠩᠭᠦ ᠶᠢᠨ ᠰᠠᠶᠢᠨ ᠡᠭᠦᠯᠳᠡᠷ ᠢ ᠢᠳᠡᠪᠬᠢᠲᠡᠢ ᠪᠤᠶᠢᠵᠢᠭᠤᠯᠤᠨ ᠳᠡᠯᠭᠡᠷᠡᠭᠦᠯᠵᠦ᠂ ᠮᠧᠬᠠᠨᠢᠭᠵᠢᠭᠤᠯᠤᠯᠲᠠ ᠶᠢᠨ ᠲᠦᠪᠰᠢᠨ ᠢ | ᠲᠦᠷᠭᠡᠳᠬᠡᠨ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠭᠤᠮ ᠤᠨ ᠬᠠᠭᠤᠴᠢᠨ ᠭᠤᠮ ᠤᠨ ᠬᠦᠷᠢᠶᠡᠯᠡᠩ ᠢ ᠰᠢᠨᠡᠳᠬᠡᠨ | ᠥᠭᠡᠷᠡᠴᠢᠯᠡᠬᠦ ᠶᠢ ᠠᠬᠢᠭᠤᠯᠵᠤ᠂ ᠣᠨᠴᠠ ᠲᠥᠷᠥᠯ ᠤᠨ ᠭᠤᠮ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ᠃ | ︵ᠭᠤᠷᠪᠠ︶ ᠠᠮᠤ ᠪᠤᠳᠠᠭᠠᠨ ᠤ ᠦᠢᠯᠡᠳᠪᠦᠷᠢᠯᠡᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ | ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠮᠤ ᠪᠤᠳᠠᠭ᠎ᠠ︾ ᠶᠢᠨ ᠬᠠᠩᠭᠠᠯᠭ᠎ᠠ ᠶᠢ ᠪᠠᠲᠤᠯᠠᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠠᠷᠢᠶᠠᠨ ᠭᠠᠵᠠᠷ ᠢ ᠦᠨᠳᠦᠰᠦᠨ ᠲᠠᠷᠢᠮᠠᠯ ᠳᠤ ᠬᠡᠷᠡᠭᠯᠡᠬᠦ ᠬᠠᠮᠢᠶᠠᠷᠤᠯᠲᠠ ᠶᠢᠨ | ᠰᠢᠰᠲ᠋ᠧᠮ ᠢ ᠪᠠᠲᠤᠯᠠᠨ ᠪᠦᠷᠢᠨᠰᠢᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 17.5 ᠳ᠋ᠦᠩᠰᠢᠭᠤᠷ ᠮᠦ ᠣᠷᠴᠢᠮ᠂ ᠠᠮᠤ | ᠪᠤᠳᠠᠭᠠᠨ ᠤ ᠲᠠᠯᠠᠪᠠᠶ ᠶᠢ 14.5 ᠳ᠋ᠦᠩᠰᠢᠭᠤᠷ ᠮᠦ ᠣᠷᠴᠢᠮ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠠᠮᠤ ᠪᠤᠳᠠᠭ᠎ᠠ | ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠦᠷᠭᠡᠳᠬᠡᠨ ᠪᠦᠷᠢᠨᠰᠢᠭᠦᠯᠵᠦ᠂ ᠦᠨ᠎ᠡ | ᠬᠠᠩᠰᠢ᠂ ᠨᠥᠬᠦᠪᠦᠷᠢ᠂ ᠳᠠᠭᠠᠳᠬᠠᠯ ᠵᠡᠷᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭ᠎ᠠ | ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ ᠪᠠᠶᠢᠯᠭᠠᠬᠤ ᠶᠢ | ᠠᠬᠢᠭᠤᠯᠤᠨ᠎ᠠ᠃ ᠲᠠᠷᠢᠶᠠᠯᠠᠩ ᠤᠨ ᠳᠠᠭᠠᠳᠬᠠᠯ ᠤᠨ ᠶᠡᠭᠡ ᠭᠠᠮᠰᠢᠭ ᠤᠨ ᠠᠶᠤᠯ ᠲᠦᠭᠰᠢᠭᠦᠷᠢ ᠶᠢ ᠵᠠᠳᠠᠷᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ | ᠨᠥᠬᠦᠪᠦᠷᠢ ᠶᠢᠨ ᠲᠣᠭᠲᠠᠴᠠ ᠶᠢ ᠪᠦᠷᠢᠨᠰᠢᠭᠦᠯᠵᠦ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠳᠤ ᠱᠠᠩᠨᠠᠯ ᠨᠥᠬᠦᠪᠦᠷᠢ | ᠥᠭᠬᠦ ᠳᠦᠷᠢᠮ ᠢ ᠲᠡᠭᠦᠯᠳᠡᠷᠵᠢᠭᠦᠯᠦᠨ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠠᠮᠤ | ᠪᠤᠳᠠᠭᠠᠨ ᠤ ᠭᠤᠣᠯ ᠭᠠᠷᠤᠯᠲᠠ ᠶᠢᠨ ᠣᠷᠣᠨ ᠲᠡᠶᠢᠰᠢ ᠬᠡᠯᠪᠠᠶᠢᠯᠭᠡᠵᠦ᠂ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ | ᠭᠠᠵᠠᠷ ᠰᠢᠷᠣᠢ ᠶᠢ ᠰᠢᠯᠵᠢᠭᠦᠯᠦᠨ ᠥᠭᠬᠦ ᠣᠷᠣᠯᠭ᠎ᠠ ᠶᠢ ᠲᠣᠭᠲᠠᠭᠠᠯ ᠶᠣᠰᠣᠭᠠᠷ ᠠᠮᠤ ᠪᠤᠳᠠᠭᠠᠨ ᠤ ᠭᠤᠣᠯ ᠭᠠᠷᠤᠯᠲᠠ ᠶᠢᠨ | ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠤᠳᠤ ᠦᠶ᠎ᠡ ᠶᠢᠨ ᠦᠷ᠎ᠡ ᠶᠢᠨ | ᠦᠢᠯᠡᠰ ᠤᠨ ᠳᠡᠭᠡᠭᠰᠢᠯᠡᠯᠲᠡ ᠵᠡᠷᠭᠡ ᠳᠤ ᠬᠡᠷᠡᠭᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ | ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠨᠢᠭᠡᠳᠦᠯᠲᠡᠢ | ᠲᠥᠯᠥᠪᠵᠢᠭᠦᠯᠦᠨ ᠪᠠᠶᠢᠭᠤᠯᠤᠨ᠎ᠠ᠃ | ︵ᠳᠥᠷᠪᠡ︶ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠨᠥᠭᠡᠴᠡᠯᠡᠵᠦ ᠲᠣᠬᠢᠷᠠᠭᠤᠯᠤᠨ | ᠡᠵᠡᠮᠳᠡᠬᠦ ᠶᠢ ᠴᠢᠩᠭᠠᠳᠬᠠᠨ᠎ᠠ᠃ ᠤᠯᠤᠰ ᠤᠨ ᠨᠥᠭᠡᠴᠡᠯᠡᠬᠦ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠦᠨ᠎ᠡ᠃ ᠠᠮᠤ | ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ ᠪᠠ ᠨᠥᠭᠡᠴᠡᠯᠡᠬᠦ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠰᠢᠨ᠎ᠡ ᠵᠠᠭᠪᠤᠷ ᠢ | ᠪᠠᠶᠢᠭᠤᠯᠤᠨ᠎ᠠ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠭᠦ ᠬᠡᠯᠬᠢᠶᠡᠨ ᠤ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠣᠷᠳᠣᠭᠠᠨ ᠳᠤ ᠬᠡᠷᠡᠭᠯᠡᠬᠦ ᠪᠤᠷᠴᠠᠭ ᠤᠨ ᠰᠢᠬᠠᠳᠠᠰᠤ ᠶᠢ | ᠪᠠᠭᠠᠰᠬᠠᠨ ᠣᠷᠣᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠤᠭᠤᠷᠠᠭ ᠪᠠᠭᠠᠲᠠᠢ ᠬᠤᠨᠤᠭ ᠤᠨ ᠠᠮᠤ ᠶᠢᠨ ᠮᠡᠷᠭᠡᠵᠢᠯ ᠢ | ᠳᠡᠯᠭᠡᠷᠡᠭᠦᠯᠦᠨ᠎ᠡ᠃ ᠠᠮᠤ ᠪᠤᠳᠠᠭ᠎ᠠ ᠪᠠ ᠢᠳᠡᠭᠡᠨ ᠢ ᠠᠷᠪᠢᠯᠠᠨ ᠭᠠᠮᠨᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠵᠦ᠂ ᠠᠮᠤ ᠪᠤᠳᠠᠭ᠎ᠠ ᠳᠠᠷᠢᠬᠤ᠂ ᠬᠤᠷᠢᠶᠠᠬᠤ᠂ ᠬᠠᠳᠠᠭᠠᠯᠠᠵᠤ ᠵᠥᠭᠡᠭᠡᠪᠦᠷᠢᠯᠡᠬᠦ᠂ ᠡᠳ᠋ᠰᠢᠭᠦᠯᠬᠦ᠂ | ᠬᠡᠷᠡᠭᠯᠡᠬᠦ ᠵᠡᠷᠭᠡ ᠪᠦᠭᠦ ᠬᠡᠯᠬᠢᠶ᠎ᠡ ᠪᠦᠭᠦ ᠭᠤᠭᠴᠤᠭ᠎ᠠ ᠪᠠᠷ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠵᠤ᠂ | ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ ᠢ ᠲᠡᠭᠦᠯᠳᠡᠷᠵᠢᠭᠦᠯᠦᠨ᠎ᠡ᠃ | ︵ᠲᠠᠪᠤ︶ ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠠᠮ ᠲᠠᠷᠢᠶᠠᠯᠠᠩ ᠤᠨ | ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ ᠢᠳᠡᠭᠡᠨ ᠤ ᠡᠬᠢ ᠪᠠᠶᠠᠯᠢᠭ ᠢ ᠪᠦᠭᠦ ᠲᠠᠯ᠎ᠠ ᠪᠠᠷ᠂ ᠤᠯᠠᠨ | ᠠᠷᠭ᠎ᠠ ᠵᠠᠮ ᠢᠶᠠᠷ ᠨᠡᠭᠡᠭᠡᠨ ᠬᠥᠭᠵᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠭᠰᠠᠨ ᠤᠷᠢᠲᠠᠯ | ᠳᠣᠣᠷ᠎ᠠ᠂ ᠮᠣᠳᠣᠯᠢᠭ ᠠᠮᠤ ᠲᠣᠰᠣ ᠶᠢ ᠬᠥᠭᠵᠢᠭᠦᠯᠦᠨ᠎ᠡ᠃ ᠴᠢᠨᠠᠷ ᠰᠠᠶᠢᠲᠠᠢ ᠤᠰᠤ ᠠᠷᠪᠢᠯᠠᠬᠤ ᠥᠨᠳᠥᠷ ᠤᠨᠠᠯᠲᠠ ᠲᠠᠢ | ᠲᠡᠵᠢᠭᠡᠯ ᠡᠪᠡᠰᠦᠨ ᠤ ᠦᠢᠯᠡᠳᠪᠦᠷᠢᠯᠡᠯ ᠢ ᠬᠥᠭᠵᠢᠭᠦᠯᠦᠨ᠎ᠡ᠃ ᠶᠡᠭᠡ ᠤᠰᠤᠨ ᠭᠠᠳᠠᠷᠭᠤ ᠶᠢᠨ ᠠᠮᠢ ᠠᠬᠤᠢ ᠶᠢᠨ ᠵᠢᠭᠠᠰᠤᠨ | ᠠᠵᠤ ᠠᠬᠤᠢ ᠶᠢ ᠬᠥᠭᠵᠢᠭᠦᠯᠵᠦ᠂ ᠡᠬᠡ ᠬᠠᠭᠤᠷᠠᠢ ᠶᠢᠨ ᠰᠠᠭᠤᠷᠢ ᠪᠠ ᠠᠯᠤᠰ ᠳᠠᠯᠠᠢ ᠶᠢᠨ ᠲᠡᠵᠢᠭᠡᠨ ᠦᠷᠡᠵᠢᠭᠦᠯᠬᠦ | ᠵᠢᠭᠠᠰᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠶᠢᠷ᠎ᠠ ᠳᠠᠯᠠᠢ ᠠᠴᠠ ᠠᠩᠨᠠᠵᠤ ᠱᠦᠭᠦᠬᠦ ᠪᠠ ᠠᠯᠤᠰ | ᠳᠠᠯᠠᠢ ᠶᠢᠨ ᠵᠢᠭᠠᠰᠤᠨ ᠠᠵᠤ ᠠᠬᠤᠢ ᠶᠢ ᠵᠢᠷᠤᠮᠵᠢᠭᠤᠯᠤᠨ ᠬᠥᠭᠵᠢᠭᠦᠯᠦᠨ᠎ᠡ᠃ ᠲᠥᠬᠦᠭᠡᠷᠦᠮᠵᠢᠲᠦ ᠲᠠᠷᠢᠶᠠᠯᠠᠩ ᠤᠨ | ᠣᠳᠣᠬᠢᠴᠢᠯᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠪᠠᠷᠢᠮᠵᠢᠶ᠎ᠠ ᠨᠢ ᠵᠢᠷᠤᠮᠵᠢᠭᠤᠨ᠂ ᠲᠣᠨᠣᠭᠯᠠᠯ ᠨᠢ | ᠲᠡᠷᠢᠭᠦᠨ ᠤ᠂ ᠭᠠᠷᠭᠠᠯᠲᠠ ᠨᠢ ᠥᠨᠳᠥᠷ ᠪᠦᠲᠦᠮᠵᠢᠲᠡᠶ ᠣᠲᠣ ᠦᠶ᠎ᠡ ᠶᠢᠨ ᠳᠠᠷᠢᠵᠤ ᠲᠡᠵᠢᠭᠡᠬᠦ ᠲᠥᠬᠦᠭᠡᠷᠦᠮᠵᠢ ᠶᠢ | ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢ ᠵᠡᠷᠭᠡ ᠰᠢᠨ᠎ᠡ ᠭᠡᠯᠪᠡᠷᠢ ᠶᠢ ᠬᠥᠭᠵᠢᠭᠦᠯᠦᠨ᠎ᠡ᠃ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢᠳᠤ ᠪᠣᠳᠠᠰ ᠤᠨ ᠠᠵᠤ ᠦᠢᠯᠡᠰ ᠢ ᠬᠥᠭᠵᠢᠭᠦᠯᠵᠦ᠂ ᠢᠳᠡᠰᠢᠨ ᠤ ᠮᠥᠭᠦ ᠶᠢᠨ | ᠠᠵᠤ ᠦᠢᠯᠡᠰ ᠢ ᠪᠤᠵᠠᠭᠠᠶᠢᠷᠠᠭᠤᠯᠤᠨ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰᠵᠢᠯᠲᠡ ᠶᠢ ᠠᠬᠢᠭᠤᠯᠤᠨ᠎ᠠ᠃ | ᠭᠤᠷᠪᠠ᠂ ᠪᠦᠭᠦ ᠬᠦᠷᠢᠶᠡᠨ ᠳᠤ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ | ᠲᠥᠬᠦᠭᠡᠷᠦᠮᠵᠢ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠬᠥᠳᠡᠭᠡ ᠠᠵᠤ ᠠᠬᠤᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠦᠨ᠎ᠡ | ᠬᠥᠳᠡᠭᠡ ᠠᠵᠤ ᠠᠬᠤᠢ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠᠷ ᠤᠳᠤᠷᠢᠳᠤᠮᠵᠢ | ᠪᠤᠯᠭᠠᠵᠤ᠂ ᠠᠵᠤ ᠦᠢᠯᠡᠰ ᠤᠨ ᠪᠠᠴᠢᠮ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠦᠷ᠎ᠡ ᠶᠢᠨ ᠦᠢᠯᠡᠰ ᠢᠶᠠᠷ | ᠭᠤᠣᠯᠳᠠᠯᠭ᠎ᠠ ᠪᠤᠯᠭᠠᠬᠰᠠᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠲᠦᠷᠭᠡᠳᠬᠡᠵᠦ᠂ ᠴᠢᠬᠤᠯᠠ ᠶᠡᠭᠡ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠪᠲᠤᠯᠤᠯᠲᠠ ᠶᠢ ᠠᠬᠢᠭᠤᠯᠵᠤ᠂ ᠲᠠᠷᠢᠶᠠᠯᠠᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ | ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠵᠢᠷᠭᠤᠭ᠎ᠠ︶ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠭᠦ ᠶᠢ ᠲᠦᠷᠭᠡᠳᠬᠡᠨ᠎ᠡ᠃ ᠤᠯᠤᠰ ᠤᠨ ᠬᠥᠳᠡᠭᠡ ᠠᠵᠤ ᠠᠬᠤᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ | ᠬᠥᠳᠡᠭᠡ ᠠᠵᠤ ᠠᠬᠤᠢ ᠶᠢᠨ ᠰᠠᠭᠤᠷᠢ ᠰᠤᠳᠤᠯᠤᠯ ᠪᠣᠯᠣᠨ ᠨᠡᠶᠢᠲᠡ ᠶᠢᠨ ᠠᠰᠠᠷᠠᠮᠵᠢ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠪᠠᠶᠢᠭᠤᠯᠤᠮᠵᠢ ᠶᠢ ᠲᠣᠭᠲᠠᠭᠤᠨ ᠢᠶᠠᠷ ᠳᠡᠮᠵᠢᠵᠦ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠂ ᠳᠡᠰ ᠳᠠᠪᠬᠤᠷᠭ᠎ᠠ ᠨᠢ ᠲᠣᠳᠣᠷᠬᠠᠢ᠂ | ᠠᠵᠢᠯ ᠢᠶᠠᠨ ᠬᠤᠪᠢᠳᠠᠨ ᠬᠠᠮᠵᠢᠯᠴᠠᠭᠰᠠᠨ᠂ ᠵᠣᠬᠢᠰᠲᠠᠢ ᠥᠷᠢᠰᠦᠯᠳᠦᠭᠰᠡᠨ ᠬᠥᠳᠡᠭᠡ ᠠᠵᠤ ᠠᠬᠤᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠴᠣᠭᠴᠠᠯᠠᠨ ᠪᠠᠶᠢᠭᠤᠯᠤᠨ᠎ᠠ᠃ ᠬᠥᠳᠡᠭᠡ ᠠᠵᠤ | ᠠᠬᠤᠢ ᠶᠢᠨ ᠰᠠᠭᠤᠷᠢ ᠰᠤᠳᠤᠯᠭᠠᠨ ᠤ ᠪᠠᠷᠠᠯᠠᠯᠳᠦ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠢᠰᠲ᠋ᠧᠮᠲᠦ ᠴᠢᠨᠠᠷ ᠤᠨ | ᠪᠠᠶᠢᠷᠢᠰᠢᠭᠤᠯᠤᠯᠲᠠ ᠶᠢ ᠴᠢᠩᠭᠠᠳᠬᠠᠵᠤ᠂ ᠭᠧᠨ ᠤ ᠪᠦᠯᠦᠭ ᠤᠨ ᠤᠬᠠᠭᠠᠨ᠂ ᠮᠠᠯ ᠡᠮᠨᠡᠯᠭᠡ ᠶᠢᠨ ᠤᠬᠠᠭᠠᠨ ᠢ ᠤᠷᠢᠳᠴᠢᠯᠠᠨ | ᠰᠡᠷᠭᠡᠶᠢᠯᠡᠬᠦ᠂ ᠬᠦᠨᠳᠦ ᠶᠡᠭᠡ ᠡᠪᠡᠳᠴᠢᠨ ᠬᠤᠷᠣᠬᠠᠢ ᠶᠢᠨ ᠭᠠᠮᠰᠢᠭ ᠪᠤᠯᠬᠤ ᠪᠠ ᠴᠠᠭ ᠠᠭᠤᠷ ᠠᠴᠠ ᠪᠣᠯᠵᠤ ᠭᠠᠮᠰᠢᠭᠳᠠᠭᠰᠠᠨ | ᠵᠢᠮ᠎ᠡ ᠬᠠᠤᠯᠢ ᠵᠡᠷᠭᠡ ᠰᠤᠳᠤᠯᠭᠠᠨ ᠤ ᠰᠢᠪᠲᠤᠯᠤᠯᠲᠠ ᠶᠢ ᠲᠦᠷᠭᠡᠳᠬᠡᠨ᠎ᠡ᠃ ᠬᠥᠳᠡᠭᠡ ᠠᠵᠤ ᠠᠬᠤᠢ ᠶᠢᠨ ᠬᠦᠷᠢᠶᠡᠨ ᠳᠠᠬᠢ | ᠤᠯᠤᠰ ᠤᠨ ᠲᠤᠷᠰᠢᠯᠲᠠ ᠶᠢᠨ ᠲᠠᠰᠤᠭ ᠪᠠ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ | ᠨᠥᠬᠦᠴᠡᠯ ᠢ ᠰᠠᠶᠢᠵᠢᠷᠠᠭᠤᠯᠵᠤ᠂ ᠨᠢᠭᠡ ᠪᠦᠯᠦᠭ ᠳᠡᠯᠡᠬᠡᠢ ᠶᠢᠨ ᠲᠡᠷᠢᠭᠦᠨ ᠵᠡᠷᠭᠡ ᠶᠢᠨ ᠬᠥᠳᠡᠭᠡ ᠠᠵᠤ ᠠᠬᠤᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠰᠤᠳᠤᠯᠭᠠᠨ ᠤ ᠭᠡᠯᠪᠡᠷᠢ ᠶᠢᠨ ᠲᠠᠷᠢᠶᠠᠯᠠᠩ ᠤᠨ ᠳᠡᠭᠡᠳᠦ | ᠰᠤᠷᠭᠠᠭᠤᠯᠢ ᠶᠢ ᠪᠠᠶᠢᠭᠤᠯᠤᠨ᠎ᠠ᠃ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠶᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ ᠭᠤᠣᠯ ᠭᠠᠷᠤᠯᠲᠠ ᠶᠢᠨ ᠣᠷᠣᠨ ᠬᠢᠭᠡᠳ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠶᠡᠨᠲᠦ ᠣᠷᠣᠨ ᠤ ᠭᠦᠨᠵᠡᠭᠡᠢ ᠬᠠᠮᠲᠤᠷᠠᠯᠴᠠᠭ᠎ᠠ ᠶᠢ | ᠠᠬᠢᠭᠤᠯᠤᠨ᠎ᠠ᠃ ᠬᠥᠳᠡᠭᠡ ᠠᠵᠤ ᠠᠬᠤᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ | ᠡᠷᠬᠡ ᠳᠤ ᠬᠠᠯᠳᠠᠭᠰᠠᠨ ᠳᠤ ᠴᠣᠬᠢᠯᠲᠠ ᠥᠭᠬᠦ ᠠᠵᠢᠯ ᠢ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷ ᠪᠠ | ᠡᠵᠡᠩᠨᠡᠯᠲᠡ ᠶᠢᠨ ᠴᠢᠨᠠᠷ ᠢ ᠤᠶᠠᠯᠳᠤᠭᠤᠯᠤᠭᠰᠠᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ | ᠳᠡᠯᠭᠡᠷᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ︵ᠳᠣᠯᠤᠭ᠎ᠠ︶ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠨ ᠪᠦᠭᠦ ᠲᠠᠯ᠎ᠠ ᠪᠠᠷ ᠰᠢᠪᠲᠤᠯᠤᠯᠲᠠ | ᠭᠠᠷᠭᠠᠬᠤ ᠶᠢ ᠠᠬᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ | ᠬᠦᠴᠦᠷᠬᠡᠭᠵᠢᠬᠦ᠂ ᠦᠷ᠎ᠡ ᠶᠢᠨ ᠢᠷᠡᠯᠲᠡ ᠶᠢ ᠪᠡᠶ᠎ᠡ ᠪᠠᠨ ᠳᠠᠭᠠᠭᠠᠨ ᠡᠵᠡᠮᠳᠡᠵᠦ ᠳᠡᠶᠢᠯᠭᠦ ᠶᠢ ᠲᠦᠷᠭᠡᠳᠬᠡᠨ ᠪᠡᠶᠡᠯᠡᠭᠦᠯᠦᠨ᠎ᠡ᠃ | ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠳᠡᠯᠡᠬᠡᠢ ᠳᠡᠭᠡᠷᠡᠬᠢ ᠲᠡᠷᠢᠭᠦᠨ ᠤ | ᠤᠯᠤᠰ ᠤᠨ ᠦᠷ᠎ᠡ ᠡᠳ᠋ ᠤᠨ ᠡᠬᠢ ᠪᠠᠶᠠᠯᠢᠭ ᠢ ᠬᠠᠳᠠᠭᠠᠯᠠᠬᠤ᠂ ᠬᠢᠨᠠᠨ ᠲᠣᠭᠲᠠᠭᠠᠬᠤ᠂ ᠡᠭᠦᠳᠦᠨ ᠪᠦᠲᠦᠭᠡᠬᠦ ᠪᠠ ᠭᠧᠨ ᠢ | ᠠᠭᠤᠳᠠᠯᠬᠤ ᠴᠢᠬᠤᠯᠠ ᠶᠡᠭᠡ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠦᠷ᠎ᠡ ᠡᠳ᠋ ᠤᠨ ᠡᠬᠢ ᠪᠠᠶᠠᠯᠢᠭ ᠢ ᠰᠣᠯᠢᠯᠴᠠᠵᠤ | ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠡᠭᠦᠯᠳᠡᠷ ᠪᠤᠶᠢᠵᠢᠭᠤᠯᠬᠤ ᠶᠢᠨ ᠬᠠᠮᠲᠤᠷᠠᠨ ᠪᠣᠭᠤᠮᠲᠠ ᠰᠢᠪᠲᠤᠯᠬᠤ ᠪᠠ ᠮᠠᠯ | ᠵᠢᠭᠦᠷᠲᠡᠨ ᠤ ᠤᠳᠤᠮᠯᠠᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠡᠮᠦᠨᠡᠲᠦ ᠶᠢᠨ ᠦᠷ᠎ᠡ ᠪᠤᠶᠢᠵᠢᠭᠤᠯᠬᠤ | ᠴᠠᠬᠢᠭᠤᠷᠲᠤ ᠬᠥᠨᠳᠡᠢ ᠶᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ | ᠴᠢᠬᠤᠯᠠ ᠶᠡᠭᠡ ᠲᠤᠰᠬᠠᠢ ᠵᠦᠢᠯ ᠢ ᠬᠡᠷᠡᠭᠵᠢᠭᠦᠯᠵᠦ᠂ ᠲᠣᠰᠣ ᠶᠡᠬᠡᠲᠡᠢ ᠭᠠᠷᠤᠯᠲᠠ ᠶᠡᠬᠡᠲᠡᠢ ᠰᠢᠷ᠎ᠠ ᠪᠤᠷᠴᠠᠭ᠂ ᠬᠤᠵᠢᠷ ᠲᠤ | ᠳᠠᠭᠠᠭᠠᠮᠠᠭᠠᠢ ᠲᠠᠷᠢᠮᠠᠯ ᠵᠡᠷᠭᠡ ᠡᠭᠦᠯᠳᠡᠷ ᠢ ᠰᠣᠩᠭᠤᠨ ᠪᠤᠶᠢᠵᠢᠭᠤᠯᠵᠤ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠶᠢ | ᠠᠵᠤ ᠦᠢᠯᠡᠰᠵᠢᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠳᠦᠷᠢᠮ ᠢ | ᠲᠡᠭᠦᠯᠳᠡᠷᠵᠢᠭᠦᠯᠦᠨ᠎ᠡ᠃ ᠣᠳᠣᠬᠢᠴᠢᠯᠠᠭᠰᠠᠨ ᠦᠷ᠎ᠡ ᠪᠤᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠴᠢᠬᠤᠯᠠ ᠶᠡᠭᠡ ᠡᠭᠦᠯᠳᠡᠷ ᠤᠨ ᠲᠤᠯᠭᠠᠭᠤᠷᠢᠯᠠᠨ ᠳᠡᠯᠭᠡᠷᠡᠭᠦᠯᠬᠦ ᠰᠢᠰᠲ᠋ᠧᠮ ᠪᠣᠯᠣᠨ ᠦᠷ᠎ᠡ ᠶᠢᠨ | ᠢᠷᠡᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ | ︵ᠨᠠᠢᠮᠠ︶ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠪᠦᠭᠦ ᠶᠠᠪᠤᠴᠠ ᠶᠢ ᠪᠦᠭᠦ ᠲᠠᠯ᠎ᠠ ᠪᠠᠷ ᠲᠠᠰ | ᠳᠡᠪᠰᠢᠭᠦᠯᠬᠦ ᠶᠢ ᠠᠬᠢᠭᠤᠯᠤᠨ᠎ᠠ᠃ ᠲᠣᠮᠣ ᠭᠡᠯᠪᠡᠷᠢ ᠶᠢᠨ ᠳᠡᠭᠡᠳᠦ ᠲᠠᠰ ᠤᠨ ᠣᠶᠤᠨᠴᠢ ᠲᠠᠷᠢᠶᠠᠯᠠᠩ ᠤᠨ ᠮᠠᠰᠢᠨ᠂ ᠳᠣᠪᠣᠷᠬᠠᠭ | ᠠᠭᠤᠯᠠᠷᠬᠠᠭ ᠣᠷᠣᠨ ᠳᠤ ᠲᠣᠬᠢᠷᠠᠬᠤ ᠵᠢᠵᠢᠭ ᠭᠡᠯᠪᠡᠷᠢ ᠶᠢᠨ ᠮᠠᠰᠢᠨ ᠮᠧᠬᠠᠨᠢᠭ ᠵᠡᠷᠭᠡ ᠲᠠᠷᠢᠶᠠᠯᠠᠩ ᠤᠨ ᠮᠠᠰᠢᠨ ᠤ ᠲᠣᠨᠤᠭ | ᠲᠥᠬᠦᠭᠡᠷᠦᠮᠵᠢ ᠪᠠ ᠵᠠᠩᠭᠢᠯᠠᠭ᠎ᠠ ᠶᠢᠨ ᠰᠡᠯᠪᠢᠭ ᠲᠣᠨᠤᠭ ᠢ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠳᠬᠠᠵᠤ᠂ | ᠤᠯᠤᠰ ᠲᠠᠭᠠᠨ ᠦᠢᠯᠡᠳᠪᠦᠷᠢᠯᠡᠭᠰᠡᠨ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢ ᠪᠦᠭᠦ ᠲᠠᠯ᠎ᠠ ᠪᠠᠷ ᠬᠥᠳᠡᠭᠡ | ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠥᠭᠵᠢᠯᠲᠡ ᠶᠢ ᠲᠤᠯᠭᠠᠭᠤᠷᠢᠯᠠᠬᠤ ᠶᠢ ᠲᠦᠷᠭᠡᠳᠬᠡᠨ | ᠪᠡᠶᠡᠯᠡᠭᠦᠯᠦᠨ᠎ᠡ᠃ ᠬᠠᠭᠤᠴᠢᠷᠠᠭᠰᠠᠨ ᠪᠠ ᠬᠠᠭᠤᠴᠢᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ | ᠠᠬᠢᠭᠤᠯᠵᠤ᠂ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠴᠢᠬᠤᠯᠠ | ᠲᠠᠷᠢᠶᠠᠯᠠᠩ ᠤᠨ ᠮᠠᠰᠢᠨ ᠲᠣᠨᠣᠭᠯᠠᠯ ᠤᠨ ᠠᠵᠤ ᠦᠢᠯᠡᠰ ᠤᠨ ᠪᠥᠭᠡᠮᠨᠡᠷᠡᠯ ᠢ ᠪᠤᠢ ᠪᠤᠯᠭᠠᠵᠤ᠂ ᠳᠡᠭᠡᠳᠦ ᠳᠣᠣᠷᠠᠳᠤ | ᠤᠷᠤᠰᠬᠠᠯ ᠤᠨ ᠲᠣᠭᠲᠠᠭᠤᠨ ᠪᠥᠭᠡᠳ ᠢᠵᠢ ᠪᠦᠷᠢᠳᠦᠭᠰᠡᠨ᠂ ᠢᠨᠵᠧᠨᠧᠷᠢᠩ ᠡᠯᠧᠺᠳ᠋ᠷᠣᠨ ᠵᠡᠷᠭᠡ ᠬᠦᠷᠢᠶᠡᠨ ᠳᠠᠬᠢ | ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠮᠵᠢᠯᠴᠠᠨ ᠣᠷᠣᠯᠴᠠᠬᠰᠠᠨ ᠠᠵᠤ ᠦᠢᠯᠡᠰ ᠤᠨ ᠪᠠᠶᠢᠷᠢᠰᠢᠯ ᠢ ᠪᠠᠶᠢᠭᠤᠯᠤᠨ᠎ᠠ᠃ | ᠲᠠᠷᠢᠶᠠᠯᠠᠩ ᠤᠨ ᠮᠠᠰᠢᠨ ᠲᠠᠷᠢᠶᠠᠯᠠᠩ ᠤᠨ ᠤᠷ᠎ᠠ ᠮᠡᠷᠭᠡᠰᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠠᠷᠢᠶᠠᠯᠠᠩ ᠤᠨ | ᠮᠠᠰᠢᠨ ᠲᠣᠨᠣᠭᠯᠠᠯ ᠢ ᠰᠤᠳᠤᠯᠤᠨ ᠨᠡᠭᠡᠭᠡᠵᠦ ᠦᠢᠯᠡᠳᠬᠦ᠂ ᠪᠣᠯᠪᠠᠰᠤᠷᠠᠩᠭᠤᠢ ᠪᠣᠯᠭᠠᠨ ᠬᠡᠯᠪᠡᠷᠢᠵᠢᠭᠦᠯᠬᠦ᠂ ᠳᠡᠯᠭᠡᠷᠡᠭᠦᠯᠦᠨ | ᠬᠡᠷᠡᠭᠯᠡᠬᠦ ᠶᠢ ᠵᠣᠯᠭᠠᠭᠤᠯᠤᠨ ᠨᠡᠪᠲᠡᠷᠡᠭᠦᠯᠬᠦ ᠶᠢ ᠠᠬᠢᠭᠤᠯᠵᠤ᠂ ᠲᠠᠷᠢᠵᠤ ᠲᠡᠵᠢᠭᠡᠬᠦ ᠡᠳ᠋ᠰᠢᠭᠦᠯᠬᠦ ᠪᠦᠭᠦ ᠬᠡᠯᠬᠢᠶᠡᠨ ᠤ ᠥᠨᠳᠥᠷ | ᠴᠢᠳᠠᠪᠬᠢᠲᠤ ᠲᠠᠷᠢᠶᠠᠯᠠᠩ ᠤᠨ ᠮᠠᠰᠢᠨ ᠲᠣᠨᠣᠭᠯᠠᠯ ᠤᠨ ᠬᠡᠷᠡᠭᠯᠡᠯᠲᠡ ᠶᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ | ︵ᠶᠢᠰᠦ︶ ᠲᠣᠭᠠᠴᠢᠯᠠᠭᠰᠠᠨ ᠮᠡᠷᠭᠡᠵᠢᠯ ᠬᠢᠭᠡᠳ ᠣᠲᠣ ᠦᠶ᠎ᠡ ᠶᠢᠨ ᠬᠥᠳᠡᠭᠡ ᠠᠵᠤ ᠠᠬᠤᠢ ᠶᠢᠨ ᠪᠦᠭᠦ ᠲᠠᠯ᠎ᠠ ᠶᠢᠨ | ᠠᠭᠤᠰᠤᠯᠴᠠᠯ ᠢ ᠠᠬᠢᠭᠤᠯᠤᠨ᠎ᠠ᠃ ᠰᠠᠨᠰᠠᠷ ᠠᠭᠠᠷ ᠭᠠᠵᠠᠷ ᠢ ᠨᠢᠭᠡ ᠴᠣᠭᠴᠠᠵᠢᠭᠤᠯᠤᠭᠰᠠᠨ ᠬᠥᠳᠡᠭᠡ ᠠᠵᠤ ᠠᠬᠤᠢ ᠶᠢᠨ | ᠠᠵᠢᠭᠯᠠᠨ ᠬᠡᠮᠵᠢᠬᠦ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠤᠭ᠎ᠠ | ᠪᠦᠷᠢᠳᠬᠡᠯ ᠤᠨ ᠪᠠᠶᠢᠴᠠᠭᠠᠵᠤ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠂ ᠪᠦᠭᠦ ᠬᠦᠷᠢᠶ᠎ᠡ ᠶᠢ ᠬᠠᠮᠤᠷᠤᠭᠰᠠᠨ᠂ | ᠣᠯᠠᠨ ᠲᠠᠰ ᠳᠠᠪᠬᠤᠷᠭ᠎ᠠ ᠪᠠᠷ ᠬᠤᠯᠪᠣᠯᠳᠤᠨ ᠨᠡᠪᠲᠡᠷᠡᠯᠴᠡᠭᠰᠡᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠮᠣ | ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ ᠲᠠᠷᠢᠶᠠᠯᠠᠩ ᠳᠤ ᠬᠤᠯᠪᠣᠭᠳᠠᠬᠤ ᠲᠤᠭ᠎ᠠ ᠪᠠᠷᠢᠮᠲᠠ ᠶᠢ ᠨᠡᠭᠡᠭᠡᠨ ᠬᠥᠭᠵᠢᠭᠦᠯᠵᠦ | ᠠᠰᠢᠭᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠲᠠᠢ ᠣᠶᠤᠨᠲᠤ ᠲᠠᠷᠢᠶᠠᠯᠠᠩ ᠤᠨ ᠮᠡᠷᠭᠡᠵᠢᠯ ᠢ ᠰᠤᠳᠤᠯᠤᠨ ᠨᠡᠭᠡᠭᠡᠵᠦ᠂ ᠣᠶᠤᠨᠲᠤ ᠲᠠᠷᠢᠶᠠᠯᠠᠩ ᠤᠨ ᠪᠠᠷᠢᠮᠵᠢᠶ᠎ᠠ ᠶᠢᠨ | ᠰᠢᠰᠲ᠋ᠧᠮ ᠢ ᠪᠦᠷᠢᠨᠰᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠭᠠᠴᠢᠯᠠᠭᠰᠠᠨ ᠦᠢᠯᠡᠳᠪᠦᠷᠢᠯᠡᠯ ᠤᠨ | ᠬᠦᠴᠦᠨ ᠢ ᠪᠠᠳᠠᠷᠠᠭᠤᠯᠤᠨ᠎ᠠ᠃ ᠣᠶᠤᠨᠴᠢ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ | ᠬᠡᠪᠴᠢᠶᠡᠵᠢᠭᠰᠡᠨ ᠲᠠᠷᠢᠶᠠᠯᠠᠩ ᠤᠨ ᠲᠠᠯᠠᠪᠠᠶ ︵ᠮᠠᠯᠵᠢᠯ ᠤᠨ ᠲᠠᠯᠠᠪᠠᠶ᠂ ᠵᠢᠭᠠᠰᠤᠨ ᠲᠠᠯᠠᠪᠠᠶ︶ ᠶᠢᠨ ᠲᠣᠭᠠᠴᠢᠯᠠᠭᠰᠠᠨ ᠲᠡᠶᠢᠰᠢ | ᠲᠠᠰ ᠳᠡᠪᠰᠢᠭᠦᠯᠬᠦ ᠶᠢ ᠠᠬᠢᠭᠤᠯᠵᠤ᠂ ᠬᠡᠯᠬᠢᠶ᠎ᠡ ᠨᠢ ᠪᠦᠷᠢᠨ ᠪᠦᠲᠦᠨ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠭᠰᠡᠨ | ᠣᠶᠤᠨᠴᠢ ᠲᠠᠷᠢᠶᠠᠯᠠᠩ ᠤᠨ ᠪᠦᠯᠦᠭᠵᠢᠯ ᠢ ᠪᠤᠶᠢᠵᠢᠭᠤᠯᠤᠨ᠎ᠠ᠃ | ᠳᠥᠷᠪᠡ᠂ ᠪᠦᠭᠦ ᠭᠤᠭᠴᠤᠭ᠎ᠠ ᠶᠢᠨ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠵᠢᠵᠢᠭ ᠲᠠᠷᠢᠶᠠᠴᠢᠨ ᠡᠷᠦᠭᠡ ᠪᠣᠯᠣᠨ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢ | ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ | ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠭᠠᠵᠠᠷ | ᠰᠢᠷᠣᠢ ᠶᠢᠨ ᠨᠡᠶᠢᠲᠡ ᠶᠢᠨ ᠥᠮᠴᠢᠯᠡᠯ ᠤᠨ ᠰᠢᠨᠵᠢ ᠴᠢᠨᠠᠷ ᠢ ᠬᠤᠪᠢᠷᠠᠭᠤᠯᠬᠤ ᠦᠭᠡᠢ᠂ ᠲᠠᠷᠢᠶᠠᠨ ᠭᠠᠵᠠᠷ ᠤᠨ ᠤᠯᠠᠭᠠᠨ | ᠱᠤᠭᠤᠮ ᠢ ᠳᠠᠪᠠᠭ᠋ᠤ ᠦᠭᠡᠢ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠦᠭᠡᠢ ᠪᠠᠶᠢᠬᠤ ᠬᠤᠷᠢᠭ᠎ᠠ ᠱᠤᠭᠤᠮ ᠢ | ᠪᠠᠲᠤ ᠰᠠᠬᠢᠵᠤ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠂ ᠬᠥᠳᠡᠭᠡ ᠠᠵᠤ | ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠬᠥᠳᠡᠯᠭᠡᠭᠴᠢ ᠡᠨᠧᠷᠭᠢ ᠨᠡᠮᠡᠷᠢᠯᠡᠨ᠎ᠡ᠃ | ︵ᠠᠷᠪᠠ︶ ᠭᠡᠷ ᠪᠦᠯᠢ ᠶᠢᠨ ᠡᠵᠡᠩᠨᠡᠯᠲᠡ ᠶᠢᠨ ᠡᠷᠴᠢᠮᠵᠢᠭᠦᠯᠦᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠲᠠᠷᠠᠭ᠎ᠠ ᠲᠠᠭᠢᠨ 30 | ᠵᠢᠯ ᠤᠷᠲᠤᠳᠬᠠᠬᠤ ᠲᠤᠷᠰᠢᠯᠲᠠ ᠶᠢᠨ ᠴᠡᠭ ᠢ ᠡᠮᠬᠢ ᠵᠢᠷᠤᠮ ᠲᠠᠢ ᠪᠠᠷ ᠠᠬᠢᠭᠤᠯᠵᠤ᠂ ᠤᠷᠲᠤᠳᠬᠠᠨ ᠳᠠᠭᠠᠭᠠᠴᠢᠯᠠᠭᠤᠯᠬᠤ | ᠢᠵᠢ ᠪᠦᠷᠢᠳᠦᠭᠰᠡᠨ ᠳᠦᠷᠢᠮ ᠢ ᠪᠦᠷᠢᠨᠰᠢᠭᠦᠯᠦᠨ᠎ᠡ᠃ ᠳᠠᠭᠠᠭᠠᠴᠢᠯᠠᠭᠰᠠᠨ ᠭᠠᠵᠠᠷ ᠰᠢᠷᠣᠢ ᠶᠢᠨ ᠥᠮᠴᠢᠯᠡᠯ ᠤᠨ ᠡᠷᠬᠡ᠂ | ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠰᠠᠯᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠳᠠᠭᠠᠭᠠᠴᠢᠯᠠᠭᠰᠠᠨ ᠭᠠᠵᠠᠷ ᠰᠢᠷᠣᠢ ᠶᠢᠨ ᠬᠠᠮᠲᠤ ᠶᠢᠨ ᠥᠮᠴᠢᠯᠡᠯ ᠤᠨ ᠡᠷᠬᠡ ᠶᠢ ᠬᠡᠷᠡᠭᠵᠢᠭᠦᠯᠬᠦ ᠲᠣᠭᠲᠠᠴᠠ ᠶᠢ | ᠪᠦᠷᠢᠨᠰᠢᠭᠦᠯᠵᠦ᠂ ᠳᠠᠭᠠᠭᠠᠴᠢᠯᠠᠭᠰᠠᠨ ᠲᠠᠷᠢᠶᠠᠴᠢᠨ ᠡᠷᠦᠭᠡ ᠶᠢᠨ ᠬᠠᠤᠯᠢ ᠶᠣᠰᠣᠨ ᠤ ᠭᠠᠵᠠᠷ ᠰᠢᠷᠣᠢ ᠶᠢᠨ ᠡᠷᠬᠡ ᠠᠰᠢᠭ ᠢ | ᠬᠠᠤᠯᠢ ᠶᠣᠰᠣᠭᠠᠷ ᠬᠠᠮᠠᠭᠠᠯᠠᠵᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠠᠮᠢᠳᠤᠯᠢᠭᠵᠢᠭᠤᠯᠬᠤ ᠪᠦᠲᠦᠮᠵᠢᠲᠡᠢ | ᠠᠷᠭ᠎ᠠ ᠵᠠᠮ ᠢ ᠰᠦᠪᠡᠭᠴᠢᠯᠡᠨ᠎ᠡ᠃ ᠵᠢᠵᠢᠭ ᠲᠠᠷᠢᠶᠠᠴᠢᠨ ᠡᠷᠦᠭᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠢᠨᠵᠧᠨᠧᠷᠢᠩ ᠢ | ᠬᠡᠷᠡᠭᠵᠢᠭᠦᠯᠵᠦ᠂ ᠵᠢᠵᠢᠭ ᠲᠠᠷᠢᠶᠠᠴᠢᠨ ᠡᠷᠦᠭᠡ ᠶᠢᠨ ᠡᠷᠦᠭᠡ ᠬᠤᠯᠪᠤᠭᠠᠯᠠᠨ ᠡᠵᠡᠩᠨᠡᠬᠦ᠂ ᠬᠤᠯᠪᠤᠭᠠᠯᠠᠨ ᠲᠠᠷᠢᠶᠠᠯᠠᠵᠤ | ᠬᠤᠯᠪᠤᠭᠠᠯᠠᠨ ᠳᠠᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠢᠯᠡᠳᠪᠦᠷᠢᠯᠡᠯ ᠥᠷᠨᠢᠭᠦᠯᠬᠦ ᠶᠢ ᠵᠣᠷᠢᠭᠵᠢᠭᠤᠯᠤᠨ᠎ᠠ᠃ | ︵ᠠᠷᠪᠠᠨ ᠨᠢᠭᠡ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠷᠬᠡ ᠶᠢ ᠠᠮᠢᠳᠤᠯᠢᠭᠵᠢᠭᠤᠯᠤᠨ ᠡᠨᠧᠷᠭᠢ | ᠣᠯᠭᠤᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠬᠢᠨᠠᠵᠤ ᠬᠠᠮᠢᠶᠠᠷᠬᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠲᠠᠷᠢᠶᠠᠴᠢᠨ ᠡᠷᠦᠭᠡ ᠳᠤ ᠣᠶᠢᠷᠠᠳᠬᠤ᠂ ᠶᠡᠷᠦᠩᠬᠡᠶᠢᠯᠡᠭᠰᠡᠨ ᠦᠢᠯᠡᠴᠢᠯᠡᠭᠡ ᠬᠢᠬᠦ᠂ ᠨᠥᠯᠥᠭᠡᠯᠡᠨ | ᠳᠠᠶᠢᠴᠢᠯᠠᠬᠤ ᠵᠡᠷᠭᠡ ᠳᠠᠪᠠᠭᠤᠯᠢᠭ ᠢ ᠪᠠᠳᠠᠷᠠᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠦᠢᠯᠡᠴᠢᠯᠡᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢ ᠬᠥᠭᠵᠢᠭᠦᠯᠵᠦ᠂ ᠥᠮᠴᠢᠯᠡᠯ ᠤᠨ ᠡᠷᠬᠡ ᠨᠢ ᠲᠣᠳᠣᠷᠬᠠᠢ᠂ ᠬᠤᠪᠢᠶᠠᠷᠢᠯᠠᠯᠲᠠ ᠨᠢ ᠵᠦᠢ ᠵᠣᠬᠢᠰᠲᠠᠢ ᠠᠵᠢᠯᠯᠠᠭᠠᠨ ᠤ | ᠲᠣᠭᠲᠠᠴᠠ ᠶᠢ ᠪᠠᠶᠢᠭᠤᠯᠵᠤ᠂ ᠲᠠᠷᠢᠶᠠᠴᠢᠳ ᠲᠤ ᠨᠡᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ | ︵ᠠᠷᠪᠠᠨ ᠬᠤᠶᠠᠷ︶ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠷᠢᠶᠠᠴᠢᠨ ᠡᠷᠦᠭᠡ ᠶᠢ ᠬᠥᠲᠥᠯᠥᠨ ᠵᠢᠯᠤᠭᠤᠳᠴᠤ | ᠪᠠᠶᠢᠭᠠᠳ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢ ᠬᠥᠭᠵᠢᠭᠦᠯᠵᠦ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠴᠢᠳ ᠤᠨ ᠬᠤᠷᠰᠢᠶ᠎ᠠ ᠶᠢᠨ ᠬᠠᠤᠯᠢ | ᠶᠣᠰᠣᠭᠠᠷ ᠰᠠᠶᠢᠨ ᠳᠤᠷ᠎ᠠ ᠠᠴᠠ ᠪᠠᠨ ᠬᠤᠯᠪᠣᠭᠠᠲᠤ ᠬᠤᠷᠰᠢᠶ᠎ᠠ ᠪᠠᠶᠢᠭᠤᠯᠬᠤ ᠶᠢ ᠲᠡᠮᠵᠢᠵᠤ᠂ ᠲᠠᠷᠢᠶᠠᠴᠢᠳ ᠤᠨ | ᠬᠤᠷᠰᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ᠂ | ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ ᠵᠡᠷᠭᠡ ᠶᠢ ᠥᠷᠨᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ | ᠡᠵᠡᠩᠨᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠳᠠᠭᠠᠭᠠᠴᠢᠯᠠᠭᠰᠠᠨ ᠭᠠᠵᠠᠷ ᠤᠨ ᠡᠵᠡᠩᠨᠡᠯᠲᠡ ᠶᠢᠨ ᠡᠷᠬᠡ ᠶᠢᠨ | ᠭᠦᠢᠯᠭᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠴᠢᠳ ᠤᠨ ᠬᠤᠷᠰᠢᠨ | ᠡᠵᠡᠩᠨᠡᠬᠦ ᠶᠢ ᠠᠬᠢᠭᠤᠯᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠲᠡᠳᠬᠦᠨ | ᠳᠡᠮᠵᠢᠬᠦ ᠲᠦᠷᠦ ᠶᠢᠨ ᠪᠣᠳᠣᠯᠭ᠎ᠠ ᠶᠢ ᠲᠠᠷᠢᠶᠠᠴᠢᠨ ᠡᠷᠦᠭᠡ ᠶᠢᠨ ᠣᠷᠣᠯᠭ᠎ᠠ ᠶᠢᠨ ᠨᠡᠮᠡᠭᠳᠡᠯ ᠲᠠᠢ ᠬᠤᠯᠪᠣᠬᠤ ᠶᠢ ᠠᠬᠢᠭᠤᠯᠤᠨ᠎ᠠ᠃ | ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠠᠰᠢᠭ ᠲᠤᠰᠠ ᠶᠢᠨ ᠬᠤᠯᠪᠤᠭ᠎ᠠ ᠶᠢᠨ | ᠲᠣᠭᠲᠠᠴᠠ ᠶᠢ ᠪᠦᠷᠢᠨᠰᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯ ᠤᠨ ᠲᠠᠷᠢᠶᠠᠯᠠᠩ ᠤᠨ ᠲᠠᠯᠠᠪᠠᠢ ᠶᠢᠨ ᠲᠠᠷᠢᠶᠠᠯᠠᠩ ᠤᠨ ᠨᠢᠭᠡᠳᠦᠯᠲᠡᠢ | ᠡᠵᠡᠩᠨᠡᠯᠲᠡ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠵᠤ᠂ ᠬᠤᠳᠠ ᠬᠥᠳᠡᠭᠡ ᠵᠢᠴᠢ ᠠᠲᠠᠷ | ᠬᠠᠭᠠᠯᠪᠤᠷᠢᠯᠠᠯᠲᠠ ᠶᠢᠨ ᠣᠷᠣᠨ ᠢ ᠨᠢᠭᠡ ᠴᠣᠭᠴᠠᠵᠢᠭᠤᠯᠤᠨ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠤᠨ᠎ᠠ᠃ | ︵ᠠᠷᠪᠠᠨ ᠭᠤᠷᠪᠠ︶ ᠳᠥᠭᠦᠮ ᠠᠪᠰᠠᠷ ᠥᠨᠳᠥᠷ ᠪᠦᠲᠦᠮᠵᠢᠲᠡᠶ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ᠎ᠡ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠳᠤ ᠬᠤᠯᠪᠣᠭᠳᠠᠬᠤ ᠡᠯ᠎ᠡ ᠲᠦᠷᠦᠯ ᠤᠨ ᠭᠤᠣᠯ | ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠷᠢᠶ᠎ᠡ ᠲᠡᠶᠢᠰᠢ ᠥᠷᠭᠡᠳᠬᠡᠨ᠎ᠡ᠃ | ᠲᠠᠩ ᠭᠤᠭᠴᠤᠭ᠎ᠠ᠂ ᠤᠯᠠᠨ ᠭᠤᠭᠴᠤᠭ᠎ᠠ ᠪᠠᠷ ᠨᠠᠶᠢᠳᠠᠨ ᠬᠠᠮᠢᠶᠠᠷᠤᠭᠤᠯᠬᠤ ᠵᠡᠷᠭᠡ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ | ᠡᠭᠦᠳᠦᠨ ᠳᠡᠯᠭᠡᠷᠡᠭᠦᠯᠵᠦ᠂ ᠦᠢᠯᠡᠴᠢᠯᠡᠭᠡ ᠶᠢ ᠠᠮᠤ ᠪᠤᠳᠠᠭ᠎ᠠ ᠳᠤᠰᠤᠨ ᠤ ᠲᠠᠷᠢᠮᠠᠯ ᠠᠴᠠ ᠠᠵᠤ ᠠᠬᠤᠢ ᠶᠢᠨ ᠲᠠᠷᠢᠮᠠᠯ᠂ ᠮᠠᠯ | ᠵᠢᠭᠦᠷᠲᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠵᠡᠷᠭᠡ ᠬᠦᠷᠢᠶ᠎ᠡ ᠲᠡᠶᠢᠰᠢ ᠥᠷᠭᠡᠳᠬᠡᠵᠦ᠂ ᠦᠢᠯᠡᠳᠪᠦᠷᠢᠯᠡᠬᠦ | ᠶᠠᠪᠤᠴᠠ ᠠᠴᠠ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠠᠷᠠᠭᠠᠬᠢ ᠭᠤᠭᠴᠤᠭ᠎ᠠ ᠲᠡᠶᠢᠰᠢ | ᠤᠷᠲᠤᠳᠬᠠᠬᠤ ᠶᠢ ᠠᠬᠢᠭᠤᠯᠤᠨ᠎ᠠ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠷᠢᠮᠵᠢᠶ᠎ᠠ ᠶᠢ | ᠲᠡᠭᠦᠯᠳᠡᠷᠵᠢᠭᠦᠯᠵᠦ᠂ ᠵᠢᠷᠤᠮᠵᠢᠬᠰᠠᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠲᠠᠪᠤ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠤᠨ ᠳᠡᠰ ᠳᠡᠪᠰᠢᠭᠦᠯᠬᠦ ᠶᠢ ᠪᠦᠭᠦ ᠬᠡᠯᠬᠢᠶ᠎ᠡ ᠪᠠᠷ | ᠠᠬᠢᠭᠤᠯᠵᠤ᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ | ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠲᠤ ᠲᠦᠰᠢᠭᠯᠡᠵᠦ᠂ ᠬᠥᠳᠡᠭᠡ ᠠᠵᠤ | ᠠᠬᠤᠢ ᠶᠢᠨ ᠤᠯᠠᠨ ᠵᠦᠢᠯ ᠤᠨ ᠴᠢᠳᠠᠮᠵᠢ ᠶᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠤ ᠤᠯᠠᠨ ᠡᠰᠢᠲᠦ ᠦᠷᠳᠡᠭ ᠢ | ᠠᠭᠤᠳᠠᠯᠵᠤ᠂ ᠠᠮᠤ ᠪᠤᠳᠠᠭ᠎ᠠ ᠠᠵᠤ ᠠᠬᠤᠢ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠯᠡᠬᠦ᠂ ᠲᠠᠷᠢᠶᠠᠯᠠᠩ ᠤᠢ ᠰᠢᠭᠤᠢ | ᠮᠠᠯ ᠠᠵᠤ ᠠᠬᠤᠢ ᠵᠢᠭᠠᠰᠤᠨ ᠠᠵᠤ ᠠᠬᠤᠢ ᠶᠢ ᠵᠡᠷᠭᠡ ᠪᠠᠷ ᠬᠥᠭᠵᠢᠭᠦᠯᠬᠦ᠂ ᠦᠢᠯᠡᠳᠪᠦᠷᠢᠯᠡᠯ ᠡᠳ᠋ᠰᠢᠭᠦᠯᠭᠡ ᠪᠣᠷᠤᠯᠠᠭᠤᠯᠭ᠎ᠠ ᠶᠢ | ᠨᠡᠪᠲᠡᠷᠡᠭᠦᠯᠬᠦ᠂ ᠲᠠᠷᠢᠶᠠᠯᠠᠩ ᠰᠣᠶᠣᠯ ᠵᠢᠭᠤᠯᠴᠢᠯᠠᠯ ᠠᠭᠤᠰᠤᠯᠴᠠᠭᠰᠠᠨ ᠤᠳᠤ ᠦᠶ᠎ᠡ ᠶᠢᠨ ᠬᠥᠳᠡᠭᠡ ᠲᠣᠰᠬᠤᠨ ᠤ ᠠᠵᠤ | ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠥᠳᠡᠭᠡ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ | ᠦᠢᠯᠡᠰ ᠪᠣᠯᠭᠠᠨ ᠪᠦᠲᠦᠭᠡᠨ ᠪᠠᠶᠢᠭᠤᠯᠤᠨ᠎ᠠ᠃ | ︵ᠠᠷᠪᠠᠨ ᠳᠥᠷᠪᠡ︶ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠭᠦᠢᠯᠭᠡᠭᠡ ᠶᠢ ᠰᠢᠯᠢᠳᠡᠭᠵᠢᠭᠦᠯᠦᠨ ᠲᠡᠰ | ᠳᠡᠪᠰᠢᠭᠦᠯᠬᠦ ᠶᠢ ᠠᠬᠢᠭᠤᠯᠤᠨ᠎ᠠ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠮᠡᠷᠭᠡᠵᠢᠯ ᠤᠨ | ᠰᠤᠳᠤᠯᠤᠨ ᠨᠡᠭᠡᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠦᠷᠦᠯ ᠵᠦᠢᠯ ᠤᠯᠠᠨ ᠶᠠᠩᠵᠤ᠂ ᠶᠠᠰᠤ ᠴᠢᠨᠠᠷ ᠰᠢᠯᠢᠳᠡᠭ ᠰᠠᠶᠢᠨ | ᠪᠤᠯᠪᠠᠰᠤᠷᠠᠭᠤᠯᠬᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠪᠦᠭᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠭᠦᠢᠯᠭᠡᠭᠡᠨ ᠤ ᠭᠤᠣᠯᠯᠠᠭᠴᠢ ᠲᠣᠣᠷ ᠢ ᠲᠡᠭᠦᠯᠳᠡᠷᠵᠢᠭᠦᠯᠵᠦ᠂ ᠭᠠᠷᠤᠯᠲᠠ ᠶᠢᠨ ᠣᠷᠣᠨ ᠤ ᠬᠦᠢᠲᠡᠨ ᠬᠡᠯᠬᠢᠶ᠎ᠡ ᠶᠢᠨ | ᠲᠥᠪᠯᠡᠷᠡᠭᠦᠯᠦᠨ ᠲᠣᠬᠢᠷᠠᠭᠤᠯᠬᠤ ᠲᠥᠪ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠬᠡᠷᠡᠭᠴᠡᠭᠡ ᠱᠠᠭᠠᠷᠳᠠᠯᠭ᠎ᠠ ᠲᠠᠢ | ᠰᠢᠶᠠᠨ ᠰᠢᠶᠠᠩ ᠲᠣᠰᠬᠤᠨ ᠤ ᠲᠠᠷᠢᠶᠠᠨ ᠦᠵᠦᠭᠦᠷ ᠲᠤ ᠬᠦᠢᠲᠡᠨ ᠢᠶᠠᠷ ᠬᠠᠳᠠᠭᠠᠯᠠᠵᠤ ᠰᠣᠷᠭᠤᠭ ᠪᠠᠶᠢᠯᠭᠠᠬᠤ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠠᠬᠢᠭᠤᠯᠤᠨ᠎ᠠ᠃ ᠰᠢᠶᠠᠨ ᠰᠢᠶᠠᠩ ᠲᠣᠰᠬᠤᠨ ᠤ | ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠣᠮᠣ ᠭᠡᠯᠪᠡᠷᠢ ᠶᠢᠨ ᠡᠯᠧᠺᠳ᠋ᠷᠣᠨ | ᠬᠤᠳᠠᠯᠳᠤᠭᠠᠨ ᠤ ᠲᠠᠪᠴᠠᠩ᠂ ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠵᠡᠷᠭᠡ ᠭᠤᠣᠯ ᠴᠣᠭᠴᠠ ᠶᠢᠨ ᠬᠥᠳᠡᠭᠡ | ᠲᠣᠰᠬᠤᠨ ᠳᠤ ᠪᠠᠭᠤᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡᠨ ᠤ | ᠲᠣᠣᠷ ᠴᠡᠭ ᠢ ᠬᠥᠭᠵᠢᠭᠦᠯᠦᠨ᠎ᠡ᠃ | ︵ᠠᠷᠪᠠᠨ ᠲᠠᠪᠤ︶ ᠬᠥᠳᠡᠭᠡ ᠠᠵᠤ ᠠᠬᠤᠢ ᠶᠢᠨ ᠴᠢᠨᠠᠷᠵᠢᠯᠲᠠ ᠲᠥᠷᠥᠯ ᠲᠡᠮᠳᠡᠭᠵᠢᠭᠦᠯᠤᠯᠲᠡ ᠶᠢᠨ ᠳᠡᠭᠡᠭᠰᠢᠯᠡᠯᠲᠡ ᠶᠢ | ᠠᠬᠢᠭᠤᠯᠤᠨ᠎ᠠ᠃ ᠲᠠᠷᠢᠶᠠᠯᠠᠩ ᠤᠨ ᠡᠭᠦᠯᠳᠡᠷ ᠢ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠲᠦᠷᠦᠯ ᠲᠡᠮᠳᠡᠭᠲᠦ ᠶᠢ | ᠡᠭᠦᠳᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠭᠦᠨᠵᠡᠭᠡᠢ ᠠᠬᠢᠭᠤᠯᠵᠤ᠂ ᠪᠣᠬᠢᠷᠳᠤᠯ ᠦᠭᠡᠢ ᠴᠢᠨᠠᠷ ᠰᠠᠶᠢᠲᠠᠢ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠲᠠᠷᠢᠶᠠᠯᠠᠩ ᠤᠨ ᠪᠠᠷᠢᠮᠵᠢᠶᠠᠵᠢᠭᠤᠯᠤᠯᠲᠠ ᠶᠢ | ᠳᠡᠭᠡᠭᠰᠢᠯᠡᠭᠦᠯᠭᠦ ᠲᠥᠯᠥᠪᠯᠡᠭᠡ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠦᠨᠡᠯᠡᠬᠦ ᠪᠠ | ᠭᠡᠷᠡᠴᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠨ ᠬᠠᠮᠢᠶᠠᠷᠤᠯᠲᠠ ᠬᠢᠨᠠᠨ ᠬᠡᠮᠵᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠶᠠᠰᠤ ᠴᠢᠨᠠᠷ ᠢᠶᠠᠷ ᠰᠠᠶᠢᠨ᠂ | ᠥᠷᠢᠰᠦᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭᠲᠦ᠂ ᠠᠵᠤ ᠠᠬᠤᠶᠢᠯᠠᠯ ᠤᠨ ᠲᠥᠷᠥᠯ ᠲᠡᠮᠳᠡᠭᠲᠦ ᠪᠠ ᠦᠢᠯᠡᠳᠬᠦᠨ ᠤ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ | ᠳᠤᠮᠳᠠᠳᠤ ᠤᠯᠤᠰ ᠤᠨ ᠲᠠᠷᠢᠶᠠᠯᠠᠩ ᠤᠨ ᠲᠥᠷᠥᠯ ᠲᠡᠮᠳᠡᠭᠲᠦ ᠶᠢᠨ ᠰᠣᠶᠣᠯ ᠤᠨ ᠡᠨᠧᠷᠭᠢ ᠣᠯᠭᠤᠯᠲᠠ ᠶᠢ ᠴᠢᠩᠭᠠᠳᠬᠠᠵᠤ᠂ | ᠲᠠᠷᠢᠶᠠᠯᠠᠩ ᠤᠨ ᠲᠥᠷᠥᠯ ᠲᠡᠮᠳᠡᠭᠲᠦ ᠬᠢᠭᠡᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠡᠯᠧᠮᠧᠨ᠋ᠲ ᠤᠨ | ᠬᠠᠷᠢᠯᠴᠠᠨ ᠠᠭᠤᠰᠤᠯᠴᠠᠬᠤ ᠶᠢ ᠠᠬᠢᠭᠤᠯᠤᠨ᠎ᠠ᠃ | ︵ᠠᠷᠪᠠᠨ ᠵᠢᠷᠭᠤᠭ᠎ᠠ︶ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ | ᠬᠥᠳᠡᠭᠡ ᠲᠣᠰᠬᠤᠨ ᠤ ᠣᠨᠴᠠᠯᠢᠭᠲᠤ ᠳᠠᠷᠢᠵᠤ ᠲᠡᠵᠢᠭᠡᠬᠦ ᠦᠢᠯᠡᠰ ᠢ ᠨᠠᠷᠢᠯᠢᠭ ᠰᠢᠯᠢᠳᠡᠭ ᠬᠢᠵᠦ᠂ ᠣᠷᠣᠨ ᠨᠤᠲᠤᠭ ᠤᠨ | ᠣᠨᠴᠠᠯᠢᠭᠲᠤ ᠡᠭᠦᠯᠳᠡᠷ ᠢ ᠰᠢᠯᠢᠨ ᠰᠣᠩᠭᠤᠬᠤ ᠠᠵᠢᠯ ᠢ ᠰᠠᠶᠢᠲᠤᠷ ᠬᠢᠵᠦ᠂ ᠭᠠᠷᠤᠯᠲᠠ ᠶᠢᠨ ᠣᠷᠣᠨ ᠤ ᠠᠷᠢᠭᠤᠨ ᠴᠡᠪᠡᠷ᠂ | ᠪᠦᠭᠦ ᠶᠠᠪᠤᠴᠠ ᠳᠤ ᠪᠠᠷᠢᠮᠵᠢᠶ᠎ᠠ ᠳᠤ ᠨᠡᠶᠢᠴᠡᠭᠰᠡᠨ᠂ ᠴᠢᠨᠠᠷ ᠰᠠᠶᠢᠲᠠᠢ ᠣᠨᠴᠠᠯᠢᠭᠲᠤ ᠳᠠᠷᠢᠵᠤ ᠲᠡᠵᠢᠭᠡᠬᠦ ᠶᠢ ᠬᠥᠭᠵᠢᠭᠦᠯᠦᠨ᠎ᠡ᠃ | ᠬᠥᠳᠡᠭᠡ ᠲᠣᠰᠬᠤᠨ ᠤ ᠣᠨᠴᠠᠯᠢᠭᠲᠤ ᠭᠠᠷ ᠦᠢᠯᠡᠳᠪᠦᠷᠢ ᠶᠢ ᠰᠢᠨ᠎ᠡ ᠶᠢ ᠡᠭᠦᠳᠦᠨ ᠬᠥᠭᠵᠢᠭᠦᠯᠵᠦ᠂ ᠬᠥᠳᠡᠭᠡ ᠲᠣᠰᠬᠤᠨ ᠤ | ᠤᠷᠠᠨ ᠲᠠᠷᠬᠠᠨ ᠢ ᠪᠤᠶᠢᠵᠢᠭᠤᠯᠵᠤ᠂ ᠬᠥᠳᠡᠭᠡ ᠲᠣᠰᠬᠤᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠰᠣᠶᠣᠯ ᠤᠨ ᠠᠵᠤ ᠦᠢᠯᠡᠰ ᠢ ᠭᠦᠨᠵᠡᠭᠡᠢ | ᠨᠡᠭᠡᠭᠡᠨ ᠬᠥᠭᠵᠢᠭᠦᠯᠵᠦ᠂ ᠲᠠᠷᠢᠶᠠᠯᠠᠩ ᠤᠨ ᠰᠣᠶᠣᠯ ᠤᠨ ᠥᠪ᠂ ᠦᠨᠳᠦᠰᠦᠲᠡᠨ ᠤ ᠠᠶᠢᠯ ᠲᠣᠰᠬᠤᠨ᠂ ᠤᠯᠠᠮᠵᠢᠯᠠᠯᠲᠤ | ᠪᠠᠷᠢᠯᠭ᠎ᠠ ᠵᠡᠷᠭᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ︵ᠠᠷᠪᠠᠨ ᠳᠣᠯᠤᠭ᠎ᠠ︶ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠦᠢᠯᠡᠳᠪᠦᠷᠢᠯᠡᠯ᠂ ᠡᠳ᠋ᠰᠢᠭᠦᠯᠭᠡ᠂ ᠭᠦᠢᠯᠭᠡᠭᠡ ᠵᠡᠷᠭᠡ ᠪᠦᠭᠦ ᠭᠤᠭᠴᠤᠭ᠎ᠠ ᠶᠢᠨ ᠲᠡᠰ ᠳᠡᠪᠰᠢᠭᠦᠯᠬᠦ ᠶᠢ ᠠᠬᠢᠭᠤᠯᠵᠤ᠂ ᠠᠵᠤ | ᠦᠢᠯᠡᠰ ᠤᠨ ᠦᠷᠳᠡᠭ ᠨᠡᠮᠡᠭᠳᠡᠯ ᠦᠷ᠎ᠡ ᠠᠰᠢᠭ ᠤᠨ ᠨᠡᠮᠡᠭᠳᠡᠯ ᠤᠨ ᠣᠷᠣᠨ ᠵᠠᠢ ᠶᠢ ᠥᠷᠭᠡᠳᠬᠡᠨ᠎ᠡ᠃ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠪᠦᠯᠦᠭᠵᠢᠯ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ | ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ | ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠦᠷᠦᠯ ᠵᠦᠢᠯ ᠢ ᠬᠡᠷᠡᠭᠵᠢᠭᠦᠯᠦᠨ᠎ᠡ᠃ | ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠢ ᠲᠡᠳᠬᠦᠨ ᠬᠦᠴᠦᠷᠬᠡᠭᠵᠢᠭᠦᠯᠵᠦ᠂ ᠠᠵᠢᠯ | ᠲᠥᠷᠥᠯ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢᠨ ᠡᠵᠡᠨ︾ | ᠠᠵᠤ ᠠᠬᠤᠶᠢᠯᠠᠯ ᠪᠠ ᠣᠷᠣᠨ ᠪᠦᠰᠡ ᠶᠢᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠪᠤᠵᠠᠭᠠᠶᠢᠷᠠᠭᠤᠯᠵᠤ᠂ ᠳᠤᠮᠳᠠ | ᠪᠠᠭ᠎ᠠ ᠠᠵᠤ ᠠᠬᠤᠶᠢᠯᠠᠯ ᠢ ᠰᠢᠯᠢᠳᠡᠭᠵᠢᠭᠦᠯᠵᠦ᠂ ᠦᠢᠯᠡᠳᠪᠦᠷᠢᠯᠡᠯ ᠬᠠᠮᠵᠢᠯᠴᠠᠭᠰᠠᠨ᠂ ᠮᠡᠷᠭᠡᠵᠢᠯ ᠬᠠᠷᠢᠯᠴᠠᠨ | ᠨᠥᠬᠦᠪᠦᠷᠢᠯᠡᠭᠰᠡᠨ᠂ ᠬᠦᠴᠦᠨ ᠵᠦᠢᠯ ᠢ ᠬᠠᠮᠲᠤ ᠪᠠᠷ ᠡᠳ᠋ᠯᠡᠬᠦ ᠠᠵᠤ ᠠᠬᠤᠶᠢᠯᠠᠯ ᠤᠨ ᠬᠥᠭᠵᠢᠯᠲᠡ ᠶᠢᠨ ᠵᠢᠭᠰᠠᠭᠠᠯ ᠤᠨ | ᠭᠡᠯᠪᠡᠷᠢ ᠶᠢ ᠪᠤᠶ ᠪᠣᠯᠭᠠᠨ᠎ᠠ᠃ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ | ᠶᠡᠭᠡ ᠪᠠᠷ ᠪᠤᠶᠢᠵᠢᠭᠤᠯᠵᠤ᠂ ᠲᠠᠷᠢᠶᠠᠯᠠᠩ ᠪᠠ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯᠵᠢᠯ ᠰᠤᠪᠢᠯᠠᠯᠲᠠ ᠵᠡᠷᠭᠡ ᠠᠵᠤ | ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ | ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ᠎ᠠ᠃ | ︵ᠠᠷᠪᠠᠨ ᠨᠠᠢᠮᠠ︶ ᠬᠥᠳᠡᠭᠡ ᠠᠵᠤ ᠠᠬᠤᠢ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠭᠡᠯᠪᠡᠷᠢ ᠶᠢ ᠬᠤᠪᠢᠷᠠᠭᠤᠯᠬᠤ ᠶᠢ | ᠲᠦᠷᠭᠡᠳᠬᠡᠨ ᠠᠬᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠨᠤᠷᠮ᠎ᠠ | ᠲᠣᠭᠲᠠᠭᠠᠨ ᠬᠠᠮᠢᠶᠠᠷᠬᠤ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ | ᠪᠠᠶᠢᠳᠠᠯ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠪᠠ ᠰᠡᠯᠭᠦᠵᠦ ᠲᠠᠷᠢᠬᠤ | ᠳᠦᠷᠢᠮ ᠢ ᠪᠦᠷᠢᠨᠰᠢᠭᠦᠯᠵᠦ᠂ ᠪᠣᠬᠢᠷᠲᠤᠭᠰᠠᠨ ᠲᠠᠷᠢᠶᠠᠨ ᠭᠠᠵᠠᠷ ᠢ ᠵᠠᠰᠠᠬᠤ ᠪᠠ ᠠᠮᠤᠷ ᠲᠦᠪᠰᠢᠨ ᠠᠰᠢᠭᠯᠠᠬᠤ ᠶᠢ | ᠴᠢᠩᠭᠠᠳᠬᠠᠨ᠎ᠠ᠃ ᠴᠢᠬᠤᠯᠠ ᠠᠮᠢᠳᠤ ᠪᠣᠳᠠᠰ ᠤᠨ ᠳᠦᠷᠰᠦ ᠪᠠ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠵᠤ᠂ | ᠲᠠᠷᠢᠶᠠᠯᠠᠩ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠴᠢᠬᠤᠯᠠ ᠲᠠᠷᠢᠶᠠᠯᠠᠩ ᠤᠨ | ᠡᠬᠢ ᠪᠠᠶᠠᠯᠢᠭ ᠤᠨ ᠡᠬᠡ ᠲᠠᠩᠰᠠ ᠶᠢᠨ ᠳᠦᠷᠢᠮ ᠢ ᠪᠦᠷᠢᠨᠰᠢᠭᠦᠯᠦᠨ᠎ᠡ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠠᠬᠢᠭᠤᠯᠵᠤ᠂ ᠠᠮᠢ ᠠᠬᠤᠢ ᠶᠢᠨ ᠣᠷᠴᠢᠯ ᠲᠠᠷᠢᠶᠠᠯᠠᠩ ᠢ ᠬᠥᠭᠵᠢᠭᠦᠯᠦᠨ᠎ᠡ᠃ | ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠲᠣᠭᠲᠠᠴᠠ ᠶᠢ ᠪᠦᠷᠢᠨᠰᠢᠭᠦᠯᠦᠨ᠎ᠡ᠃ ᠬᠥᠬᠡᠮᠥ᠋ᠷᠡᠨ ᠤ | ᠠᠷᠪᠠᠨ ᠵᠢᠯ ᠳᠤ ᠵᠢᠭᠠᠰᠤ ᠠᠩᠨᠠᠬᠤ ᠶᠢ ᠴᠠᠭᠠᠵᠠᠯᠠᠬᠤ ᠪᠠ ᠲᠠᠯᠠᠢ ᠲᠠᠩᠭᠢᠰ ᠤᠨ ᠹᠦ᠋ ᠶᠢᠨ ᠤᠯᠠᠷᠢᠯ ᠳᠤ ᠵᠢᠭᠠᠰᠤ ᠠᠩᠨᠠᠬᠤ ᠶᠢ | ᠬᠤᠷᠢᠭᠯᠠᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ | ᠭᠦᠨᠵᠡᠭᠡᠢ ᠤᠰᠤ ᠠᠷᠪᠢᠯᠠᠵᠤ ᠤᠰᠤ ᠶᠢ ᠬᠢᠵᠠᠭᠠᠷᠯᠠᠬᠤ ᠶᠢ ᠠᠬᠢᠭᠤᠯᠤᠨ᠎ᠠ᠃ ᠬᠥᠳᠡᠭᠡ ᠠᠵᠤ ᠠᠬᠤᠢ ᠶᠢᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠯᠲᠡ ᠶᠢᠨ ᠳᠦᠷᠢᠮ ᠢ ᠪᠠᠶᠢᠭᠤᠯᠤᠨ᠎ᠠ᠃ ᠠᠮᠢ ᠠᠬᠤᠢ ᠶᠢᠨ | ᠶᠡᠷᠦᠩᠬᠡᠶᠢᠯᠡᠭᠰᠡᠨ ᠨᠥᠬᠦᠪᠦᠷᠢ ᠶᠢ ᠠᠬᠢᠭᠤᠯᠵᠤ᠂ ᠬᠥᠨᠳᠡᠯᠡᠨ ᠢᠶᠠᠷ ᠠᠮᠢ ᠠᠬᠤᠢ ᠶᠢ ᠬᠠᠮᠠᠭᠠᠯᠠᠬᠤ ᠨᠥᠬᠦᠪᠦᠷᠢ ᠶᠢᠨ | ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ | ᠵᠢᠷᠭᠤᠭ᠎ᠠ᠂ ᠬᠥᠳᠡᠭᠡ ᠠᠵᠤ ᠠᠬᠤᠢ ᠶᠢᠨ ᠭᠠᠳᠠᠭᠠᠳᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠬᠥᠳᠡᠭᠡ ᠠᠵᠤ ᠠᠬᠤᠢ ᠶᠢᠨ ᠳᠡᠯᠡᠬᠡᠢ ᠶᠢᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠤᠶᠢᠵᠢᠭᠤᠯᠤᠨ᠎ᠠ | ᠨᠡᠭᠡᠭᠡᠯᠲᠡ ᠬᠢᠬᠦ ᠳᠤᠮᠳᠠ ᠬᠠᠮᠲᠤᠷᠠᠯᠴᠠᠬᠤ ᠶᠢ ᠪᠠᠷᠢᠮᠲᠠᠯᠠᠵᠤ᠂ ᠬᠠᠮᠲᠤᠷᠠᠯᠴᠠᠭ᠎ᠠ ᠳᠤ ᠬᠠᠮᠲᠤ ᠪᠠᠷ ᠠᠰᠢᠭ ᠭᠦᠷᠳᠡᠭᠦ ᠶᠢ | ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠪᠠ ᠳᠡᠯᠡᠬᠡᠢ ᠶᠢᠨ ᠬᠤᠶᠠᠷ ᠵᠠᠬ᠎ᠠ ᠳᠡᠯᠭᠡᠭᠦᠷ ᠤᠨ ᠬᠤᠶᠠᠷ ᠵᠦᠢᠯ ᠤᠨ ᠡᠬᠢ | ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠵᠤ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ | ᠨᠡᠩ ᠭᠦᠨ ᠳᠠᠪᠬᠤᠷᠭ᠎ᠠ ᠶᠢᠨ ᠬᠥᠳᠡᠭᠡ ᠠᠵᠤ ᠠᠬᠤᠢ ᠶᠢᠨ ᠭᠠᠳᠠᠭᠠᠳᠤ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠬᠦᠴᠦᠯᠡᠨ | ᠡᠭᠦᠳᠦᠨ᠎ᠡ᠃ | ︵ᠠᠷᠪᠠ ᠶᠢᠰᠦ︶ ᠬᠥᠳᠡᠭᠡ ᠠᠵᠤ ᠠᠬᠤᠢ ᠶᠢᠨ ᠳᠡᠯᠡᠬᠡᠢ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠤᠯᠤᠰ ᠤᠨ ᠳᠣᠲᠣᠭᠠᠳᠤ ᠶᠢᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠤ ᠳᠡᠯᠡᠬᠡᠢ ᠶᠢᠨ ᠥᠷᠢᠰᠦᠯᠳᠦᠭᠡᠨ ᠳᠤ | ᠣᠷᠤᠯᠴᠠᠬᠤ ᠶᠢ ᠵᠣᠷᠢᠭᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠠᠷᠠᠯᠵᠢᠶ᠎ᠠ ᠶᠢᠨ ᠭᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠦᠢᠯᠡᠴᠢᠯᠡᠭᠡᠨ ᠤ ᠠᠷᠠᠯᠵᠢᠶ᠎ᠠ ᠶᠢ | ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠠᠵᠤ ᠠᠬᠤᠢ ᠶᠢᠨ ᠬᠦᠷᠢᠶᠡᠨ ᠳᠠᠬᠢ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠣᠨᠴᠠᠭᠠᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ | ᠵᠡᠷᠭᠡ ᠶᠢᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠦᠢᠯᠡᠳᠦᠯ ᠢ ᠪᠠᠳᠠᠷᠠᠭᠤᠯᠤᠨ᠎ᠠ᠃ ᠤᠯᠠᠨ ᠲᠠᠯᠠᠲᠤ | ᠬᠤᠶᠠᠷ ᠲᠠᠯᠠᠲᠤ ᠬᠥᠳᠡᠭᠡ ᠠᠵᠤ ᠠᠬᠤᠢ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠭᠦᠨᠵᠡᠭᠡᠢ ᠰᠦᠪᠡᠭᠴᠢᠯᠡᠵᠦ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠬᠦᠷᠢᠶᠡᠨ ᠳᠠᠬᠢ | ᠬᠠᠮᠲᠤᠷᠠᠯᠴᠠᠭ᠎ᠠ ᠶᠢ ᠠᠬᠢᠭᠤᠯᠤᠨ᠎ᠠ᠃ ᠬᠥᠳᠡᠭᠡ ᠠᠵᠤ ᠠᠬᠤᠢ ᠶᠢᠨ ᠬᠦᠷᠢᠶᠡᠨ ᠳᠠᠬᠢ ᠤᠯᠠᠨ ᠤᠯᠤᠰ ᠤᠨ ᠲᠣᠮᠣ ᠰᠢᠨᠵᠢᠯᠡᠬᠦ | ᠤᠬᠠᠭᠠᠨ ᠤ ᠲᠥᠯᠥᠪᠯᠡᠭᠡ ᠪᠠ ᠲᠣᠮᠣ ᠰᠢᠨᠵᠢᠯᠡᠬᠦ ᠤᠬᠠᠭᠠᠨ ᠤ ᠢᠨᠵᠧᠨᠧᠷᠢᠩ ᠢ ᠬᠡᠷᠡᠭᠵᠢᠭᠦᠯᠦᠨ᠎ᠡ᠃ ᠪᠦᠭᠦ ᠪᠥᠮᠪᠥᠷᠴᠡᠭ ᠤᠨ | ᠠᠮᠤ ᠪᠤᠳᠠᠭ᠎ᠠ ᠬᠥᠳᠡᠭᠡ ᠠᠵᠤ ᠠᠬᠤᠢ ᠶᠢᠨ ᠵᠠᠰᠠᠯᠲᠠ ᠳᠤ ᠭᠦᠨᠵᠡᠭᠡᠢ ᠣᠷᠣᠯᠴᠠᠨ᠎ᠠ᠃ | ᠳᠣᠯᠤᠭ᠎ᠠ᠂ ᠣᠷᠣᠰᠢᠨ ᠰᠠᠭᠤᠬᠤ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠬᠥᠳᠡᠭᠡ ᠲᠣᠰᠬᠤᠨ ᠤ ᠣᠲᠣ | ᠦᠶ᠎ᠡ ᠶᠢᠨ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠦᠨ᠎ᠡ | ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠬᠦ ᠪᠠᠷ | ᠪᠠᠷᠢᠮᠵᠢᠶ᠎ᠠ ᠪᠤᠯᠭᠠᠵᠤ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ | ᠬᠥᠳᠡᠭᠡ ᠲᠣᠰᠬᠤᠨ ᠤ ᠪᠦᠭᠦ ᠲᠠᠯ᠎ᠠ ᠶᠢᠨ ᠳᠡᠭᠡᠭᠰᠢᠯᠡᠯᠲᠡ ᠶᠢ ᠪᠡᠶᠡᠯᠡᠭᠦᠯᠵᠦ᠂ ᠲᠠᠷᠢᠶᠠᠴᠢᠳ ᠲᠤ ᠲᠤᠬᠠᠢ ᠶᠢᠨ ᠭᠠᠵᠠᠷ ᠲᠤᠨᠢ | ᠤᠳᠤ ᠦᠶ᠎ᠡ ᠶᠢᠨ ᠪᠣᠯᠪᠠᠰᠤᠨ ᠠᠮᠢᠳᠤᠷᠠᠯ ᠢ ᠡᠳ᠋ᠯᠡᠭᠦᠯᠦᠨ᠎ᠡ᠃ | ︵ᠬᠤᠷᠢ︶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠰᠢᠶᠠᠨ ᠤ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠤᠲᠠ ᠪᠠᠯᠭᠠᠰᠤ᠂ | ᠠᠶᠢᠯ ᠲᠣᠰᠬᠤᠨ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠣᠷᠣᠨ ᠵᠠᠢ ᠶᠢᠨ ᠪᠠᠶᠢᠷᠢᠰᠢᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠶᠢᠯ ᠲᠣᠰᠬᠤᠨ ᠤ ᠲᠥᠯᠦᠪᠵᠢᠭᠦᠯᠭᠡ ᠶᠢ ᠲᠥᠷᠥᠯ ᠬᠤᠪᠢᠶᠠᠨ | ᠨᠠᠶᠢᠷᠠᠭᠤᠯᠤᠨ ᠵᠣᠬᠢᠶᠠᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠷᠢᠨ ᠲᠥᠬᠦᠷ ᠬᠡᠮᠵᠢᠶ᠎ᠡ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠭᠦᠮ ᠦᠵᠡᠭᠦᠯᠭᠦ ᠬᠡᠮᠵᠢᠶ᠎ᠡ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ | ᠲᠠᠭᠠᠯᠠᠮᠵᠢᠲᠠᠢ ᠪᠠᠶᠢᠬᠤ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠲᠡᠰ ᠳᠡᠪᠰᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠲᠣᠣᠷ᠂ ᠤᠰᠤ | ᠬᠠᠩᠭᠠᠬᠤ ᠲᠥᠬᠦᠭᠡᠷᠦᠮᠵᠢ᠂ ᠡᠨᠧᠷᠭᠢ ᠶᠢᠨ ᠰᠢᠰᠲ᠋ᠧᠮ ᠪᠠ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠴᠢᠬᠤᠯᠠ ᠪᠦᠬᠦᠢ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠭᠢᠯᠡᠵᠦ᠂ ᠬᠥᠳᠡᠭᠡ ᠲᠣᠰᠬᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠠᠰᠤᠲᠠᠶᠢᠴᠤᠳ᠂ | ᠭᠡᠷ ᠲᠡᠭᠡᠨ ᠬᠤᠴᠣᠷᠤᠭᠰᠠᠨ ᠡᠮᠡᠭᠲᠡᠶᠢᠴᠦᠳ ᠬᠡᠦᠬᠡᠳ ᠪᠠ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ᠎ᠡ᠃ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠵᠤ᠂ | ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠠᠵᠢᠯ ᠢ ᠣᠷᠣᠨ ᠲᠦᠷᠦᠯ ᠬᠤᠪᠢᠶᠠᠨ | ᠠᠬᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠤᠷᠳᠤ ᠬᠤᠭᠤᠴᠠᠭᠠᠨ ᠤ | ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠲᠣᠰᠬᠤᠨ ᠤ ᠳᠦᠷᠢ ᠲᠥᠷᠬᠦ ᠶᠢ | ᠳᠡᠭᠡᠭᠰᠢᠯᠡᠭᠦᠯᠭᠦ ᠤᠳᠤᠷᠢᠳᠤᠮᠵᠢ ᠶᠢᠨ ᠳᠦᠷᠢᠮ ᠢ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠤ ᠣᠨᠴᠠᠯᠢᠭᠲᠤ ᠳᠦᠷᠰᠦ | ᠪᠠᠶᠢᠳᠠᠯ ᠢ ᠬᠠᠮᠠᠭᠠᠯᠠᠨ᠎ᠠ᠃ | ︵ᠬᠤᠷᠢᠨ ᠨᠢᠭᠡ︶ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦᠯᠢ ᠴᠣᠭᠴᠠ ᠪᠠᠷ | ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ | ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ | ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ | ᠪᠠᠶᠢᠭᠤᠯᠤᠨ ᠬᠦᠴᠦᠷᠬᠡᠭᠵᠢᠭᠦᠯᠵᠦ᠂ ᠡᠳ᠋ ᠤᠨ ᠵᠠᠰᠠᠭ ᠤᠨ ᠣᠷᠣᠭᠤᠯᠤᠯᠲᠠ ᠪᠠᠷ ᠭᠤᠣᠯ ᠪᠤᠯᠭᠠᠬᠰᠠᠨ ᠲᠣᠭᠲᠠᠭᠤᠨ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠵᠠᠷᠤᠳᠠᠯ ᠤᠨ ᠪᠠᠲᠤᠯᠠᠭ᠎ᠠ ᠶᠢᠨ ᠳᠦᠷᠢᠮ ᠢ | ᠪᠦᠷᠢᠨᠰᠢᠭᠦᠯᠦᠨ᠎ᠡ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢ ᠬᠥᠮᠥᠵᠢᠭᠦᠯᠵᠦ ᠰᠣᠩᠭᠤᠨ | ᠳᠡᠪᠰᠢᠭᠦᠯᠦᠨ᠎ᠡ᠃ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ | ᠪᠣᠯᠣᠨ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠪᠦᠲᠦᠮᠵᠢᠲᠡᠶ ᠵᠣᠯᠭᠠᠯᠴᠠᠭ᠎ᠠ ᠶᠢ ᠠᠬᠢᠭᠤᠯᠤᠨ᠎ᠠ᠃ | ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢ | ᠠᠬᠢᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠨ᠂ ᠬᠥᠳᠡᠭᠡ ᠲᠣᠰᠬᠤᠨ ᠤ ᠦᠢᠯᠡᠴᠢᠯᠡᠭᠡᠨ ᠤ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ | ᠬᠠᠪᠰᠤᠷᠤᠯᠴᠠᠬᠤ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠭᠠᠴᠠᠭᠠᠨ ᠤ ᠠᠷᠠᠳ ᠤᠨ ᠬᠤᠷᠠᠯ᠂ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠵᠡᠷᠭᠡ ᠳᠦᠷᠢᠮ ᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠱᠠᠰᠢᠨ ᠰᠤᠷᠲᠠᠬᠤᠨ ᠤ ᠬᠡᠷᠡᠭ | ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠵᠠᠰᠠᠬᠤ ᠪᠠ ᠦᠢᠯᠡᠴᠢᠯᠡᠬᠦ ᠭᠤᠣᠯᠳᠠᠯᠭ᠎ᠠ ᠶᠢ ᠦᠨᠳᠦᠰᠦᠨ ᠱᠠᠲᠤ ᠲᠡᠶᠢᠰᠢ | ᠰᠢᠯᠵᠢᠭᠦᠯᠬᠦ ᠶᠢ ᠠᠬᠢᠭᠤᠯᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ᠂ | ᠡᠬᠢ ᠪᠠᠶᠠᠯᠢᠭ ᠢ ᠬᠠᠷᠢᠯᠴᠠᠨ ᠲᠣᠬᠢᠷᠠᠭᠤᠯᠬᠤ ᠳᠦᠷᠢᠮ ᠢ ᠪᠦᠷᠢᠨᠰᠢᠭᠦᠯᠦᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠦᠢᠯᠡᠴᠢᠯᠡᠭᠡ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠵᠠᠰᠠᠯᠲᠠ ᠶᠢᠨ | ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠰᠢᠶᠠᠨ ᠰᠢᠶᠠᠩ ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ | ᠪᠣᠯᠣᠨ ᠭᠠᠯ ᠰᠡᠷᠭᠡᠶᠢᠯᠡᠬᠦ ᠠᠮᠤᠷ ᠲᠦᠪᠰᠢᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ︵ᠬᠤᠷᠢᠨ ᠬᠤᠶᠠᠷ︶ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠵᠦ᠂ ᠰᠢᠨ᠎ᠡ ᠴᠠᠭ ᠦᠶ᠎ᠡ ᠶᠢᠨ | ᠲᠠᠷᠢᠶᠠᠴᠢᠨ ᠢ ᠬᠥᠮᠥᠵᠢᠭᠦᠯᠦᠨ᠎ᠡ᠃ ᠪᠣᠯᠪᠠᠰᠤᠨ ᠬᠥᠳᠡᠭᠡ ᠶᠢᠨ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠶᠣᠰᠣ ᠰᠤᠷᠲᠠᠬᠤᠨ ᠤ ᠰᠡᠬᠡᠭᠡᠷᠡᠭᠦᠯᠦᠯ ᠪᠣᠯᠣᠨ ᠤᠷᠮᠠᠰᠢᠭᠤᠯᠤᠯ ᠬᠢᠵᠠᠭᠠᠷᠯᠠᠯ ᠢ ᠴᠢᠩᠭᠠᠳᠬᠠᠵᠤ᠂ ᠬᠥᠳᠡᠭᠡ | ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠤᠨ᠎ᠠ᠃ ᠤᠯᠠᠮᠵᠢᠯᠠᠯᠲᠤ ᠠᠶᠢᠯ ᠲᠣᠰᠬᠤᠨ ᠢ | ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠨ᠎ᠠ᠃ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠬᠥᠭᠵᠢᠯ | ᠮᠠᠨᠳᠤᠯ ᠢ ᠠᠬᠢᠭᠤᠯᠵᠤ᠂ ᠲᠠᠷᠢᠶᠠᠴᠢᠨ ᠢᠶᠠᠷ ᠭᠤᠣᠯ ᠴᠣᠭᠴᠠ ᠪᠤᠯᠭᠠᠵᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷ ᠢ ᠰᠠᠶᠢᠲᠤᠷ ᠡᠷᠭᠢᠯᠡᠨ᠎ᠡ᠃ ᠲᠠᠷᠢᠶᠠᠯᠠᠬᠤ ᠰᠣᠶᠣᠯ ᠢ ᠤᠯᠠᠮᠵᠢᠯᠠᠨ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠵᠦ᠂ ᠲᠠᠷᠢᠶᠠᠯᠠᠩ ᠤᠨ ᠰᠣᠶᠣᠯ ᠤᠨ ᠥᠪ ᠢ ᠠᠭᠤᠳᠠᠯᠤᠨ ᠡᠮᠬᠢᠳᠬᠡᠬᠦ ᠪᠠ ᠬᠠᠮᠠᠭᠠᠯᠠᠨ ᠠᠰᠢᠭᠯᠠᠬᠤ ᠶᠢ | ᠴᠢᠩᠭᠠᠳᠬᠠᠨ᠎ᠠ᠃ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ | ᠬᠥᠳᠡᠭᠡ ᠲᠣᠰᠬᠤᠨ ᠤ ᠤᠯᠠᠨ ᠲᠦᠮᠡᠨ ᠤ ᠤᠳᠬ᠎ᠠ ᠤᠷᠠᠯᠢᠭ ᠢ ᠲᠡᠳᠬᠦᠨ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠵᠦ᠂ | ᠲᠠᠷᠢᠶᠠᠯᠠᠬᠤ ᠰᠣᠶᠣᠯ ᠤᠨ ᠤᠳᠬ᠎ᠠ ᠠᠭᠤᠯᠭ᠎ᠠ ᠪᠣᠯᠣᠨ ᠦᠨᠦᠷ ᠠᠮᠲᠠ ᠪᠠᠷ ᠪᠢᠯᠬᠠᠮ᠎ᠠ᠂ ᠡᠶ᠎ᠡ ᠵᠣᠬᠢᠴᠠᠩᠭᠤᠢ ᠡᠪ ᠨᠠᠶᠢᠷᠲᠠᠢ | ᠪᠥᠭᠡᠳ ᠭᠤᠸ᠎ᠠ ᠰᠠᠶᠢᠬᠠᠨ ᠢ ᠢᠯᠡᠷᠡᠭᠦᠯᠦᠭᠰᠡᠨ ᠬᠥᠳᠡᠭᠡ ᠲᠣᠰᠬᠤᠨ ᠤ ᠰᠣᠶᠣᠯ ᠤᠨ ᠪᠦᠲᠦᠭᠡᠭᠳᠡᠬᠦᠨ ᠤ ᠦᠢᠯᠡᠴᠢᠯᠡᠭᠡᠨ ᠤ | ᠬᠠᠩᠭᠠᠯᠭ᠎ᠠ ᠶᠢ ᠨᠡᠮᠡᠭᠳᠡᠭᠦᠯᠦᠨ᠎ᠡ᠃ | ᠨᠠᠢᠮᠠ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠤᠲᠠ ᠬᠥᠳᠡᠭᠡ ᠶᠢᠨ ᠵᠥᠷᠢᠶ᠎ᠡ ᠶᠢ | ᠪᠠᠭᠠᠰᠬᠠᠨ᠎ᠠ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠭᠤᠣᠯ ᠡᠭᠦᠷᠭᠡ ᠪᠤᠯᠭᠠᠬᠤ ᠶᠢ ᠪᠠᠷᠢᠮᠲᠠᠯᠠᠵᠤ᠂ ᠨᠡᠩ ᠤᠯᠠᠨ ᠡᠬᠢ ᠪᠠᠶᠠᠯᠢᠭ ᠢ ᠠᠵᠤ ᠦᠢᠯᠡᠰ ᠠᠵᠢᠯ ᠣᠯᠭᠤᠯᠲᠠ | ᠳᠡᠭᠡᠷ᠎ᠡ ᠲᠣᠬᠢᠷᠠᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠨᠡᠨ ᠬᠦ ᠨᠡᠮᠡᠭᠳᠡᠭᠦᠯᠦᠨ᠎ᠡ᠃ | ︵ᠬᠤᠷᠢᠨ ᠭᠤᠷᠪᠠ︶ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ ᠥᠷᠭᠡᠳᠬᠡᠨ᠎ᠡ᠃ | ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ᠂ ᠰᠢᠶᠠᠨ ᠤ ᠬᠡᠪᠴᠢᠶᠡᠨ ᠤ ᠠᠵᠤ | ᠦᠢᠯᠡᠰ ᠤᠨ ᠬᠥᠷᠰᠢ ᠵᠡᠷᠭᠡᠯᠡᠳᠡᠭᠡ ᠲᠣᠮᠣ ᠳᠤᠮᠳᠠ ᠬᠤᠲᠠ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠳᠤ ᠲᠦᠷᠭᠡᠨ ᠠᠭᠤᠰᠤᠯᠴᠠᠬᠤ ᠶᠢ ᠠᠬᠢᠭᠤᠯᠵᠤ᠂ ᠭᠦᠳᠡᠯᠮᠦᠷᠢ ᠨᠢᠭᠲᠠᠷᠠᠭᠰᠠᠨ | ᠭᠡᠯᠪᠡᠷᠢ ᠶᠢᠨ ᠠᠵᠤ ᠦᠢᠯᠡᠰ ᠤᠨ ᠱᠠᠲᠤᠯᠢᠭ ᠢᠶᠠᠷ ᠰᠢᠶᠠᠨ ᠤ ᠬᠡᠪᠴᠢᠶ᠎ᠡ ᠲᠡᠶᠢᠰᠢ ᠰᠢᠯᠵᠢᠭᠦ ᠶᠢ ᠬᠥᠲᠥᠯᠥᠨ ᠵᠢᠯᠣᠭᠤᠳᠤᠨ᠎ᠠ᠃ | ᠲᠠᠷᠢᠶᠠᠯᠠᠩ ᠳᠤ ᠬᠤᠯᠪᠣᠭᠳᠠᠬᠤ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠴᠢᠨᠠᠷ ᠰᠠᠶᠢᠲᠠᠢ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠰᠠᠶᠢᠲᠤᠷ ᠡᠷᠭᠢᠯᠡᠭᠦ ᠶᠢ ᠳᠡᠮᠵᠢᠵᠦ᠂ ᠬᠥᠯᠥᠰᠦᠨ ᠠᠵᠢᠯᠴᠢᠨ ᠤ ᠪᠠᠴᠢᠮ | ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠠᠵᠢᠯ ᠮᠡᠷᠭᠡᠵᠢᠯ ᠤᠨ ᠲᠤᠰᠬᠠᠢ ᠪᠣᠯᠪᠠᠰᠤᠷᠠᠯ ᠢ ᠥᠷᠨᠢᠭᠦᠯᠬᠦ ᠶᠢ ᠵᠣᠷᠢᠭᠵᠢᠭᠤᠯᠵᠤ᠂ | ᠣᠷᠣᠨ ᠪᠦᠰᠡ ᠠᠯᠤᠰᠯᠠᠨ ᠠᠵᠢᠯ ᠣᠯᠭᠤᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠣᠷᠣᠨ ᠪᠦᠰᠡ ᠶᠢᠨ | ᠭᠦᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠠᠪᠴᠠᠩ ᠢ ᠪᠠᠶᠢᠭᠤᠯᠵᠤ᠂ ᠲᠠᠷᠢᠶᠠᠴᠢᠳ ᠤᠨ ᠠᠵᠢᠯ ᠣᠯᠵᠤ ᠠᠵᠢᠯ ᠤᠨ | ᠪᠠᠶᠢᠷᠢ ᠪᠠᠨ ᠥᠷᠭᠡᠳᠬᠡᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠭᠡᠷ ᠪᠠᠶᠢᠰᠢᠩ ᠤᠨ | ᠰᠠᠭᠤᠷᠢᠨ ᠭᠠᠵᠠᠷ ᠤᠨ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠨ ᠡᠷᠦᠭᠡ ᠶᠢᠨ ᠬᠠᠤᠯᠢ ᠶᠣᠰᠣᠨ ᠤ | ᠣᠷᠣᠨ ᠰᠠᠭᠤᠴᠠ ᠪᠠᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠤᠷᠰᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠠᠮᠢᠳᠤᠯᠢᠭᠵᠢᠭᠤᠯᠤᠨ ᠠᠰᠢᠭᠯᠠᠬᠤ ᠶᠢ ᠵᠥᠪᠰᠢᠶᠡᠷᠡᠨ᠎ᠡ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠡᠮᠬᠢ | ᠵᠢᠷᠤᠮ ᠲᠠᠢ ᠪᠠᠷ ᠠᠬᠢᠭᠤᠯᠵᠤ᠂ ᠭᠠᠵᠠᠷ ᠰᠢᠷᠣᠢ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠬᠤᠪᠢᠶᠠᠷᠢᠯᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠨᠠᠰᠤᠵᠢᠯ ᠤᠨ | ᠳᠠᠭᠠᠳᠬᠠᠯ ᠤᠨ ᠳᠦᠷᠢᠮ ᠤᠨ ᠬᠥᠳᠡᠭᠡ ᠲᠣᠰᠬᠤᠨ ᠤ ᠪᠦᠭᠦ ᠰᠠᠭᠤᠭᠠᠯᠢ ᠠᠷᠠᠳ ᠢ ᠬᠠᠮᠤᠷᠬᠤ ᠶᠢ ᠠᠬᠢᠭᠤᠯᠬᠤ ᠶᠢᠨ ᠬᠠᠮᠲᠤ | ᠰᠠᠭᠤᠷᠢ ᠨᠠᠰᠤᠵᠢᠯ ᠤᠨ ᠮᠥᠩᠭᠦ ᠶᠢᠨ ᠪᠠᠷᠢᠮᠵᠢᠶ᠎ᠠ ᠶᠢ ᠴᠠᠭ ᠲᠤᠨᠢ ᠲᠣᠬᠢᠷᠠᠭᠤᠯᠤᠨ ᠳᠡᠭᠡᠭᠰᠢᠯᠡᠭᠦᠯᠵᠦ᠂ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠪᠠ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ︵ᠬᠤᠷᠢᠨ ᠳᠥᠷᠪᠡ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ | ᠠᠵᠤ ᠦᠢᠯᠡᠳᠪᠦᠷᠢᠵᠢᠯᠲᠡ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠤᠲᠠ ᠬᠥᠳᠡᠭᠡ ᠶᠢᠨ ᠲᠥᠯᠦᠪᠵᠢᠭᠦᠯᠭᠡ᠂ | ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠠᠭᠤᠰᠤᠯᠴᠠᠯ ᠤᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠡᠯᠧᠮᠧᠨ᠋ᠲ ᠤᠨ ᠡᠷᠬᠡ ᠲᠡᠭᠰᠢ ᠪᠠᠷ ᠰᠣᠯᠢᠯᠴᠠᠬᠤ᠂ ᠬᠤᠣᠰ | ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠬᠤ ᠶᠢ | ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠬᠢᠭᠡᠳ ᠮᠥᠩᠭᠦᠨ ᠭᠦᠢᠯᠭᠡᠭᠡᠨ᠂ ᠨᠡᠶᠢᠭᠡᠮ ᠤᠨ | ᠣᠷᠣᠭᠤᠯᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠭᠠᠵᠠᠷ ᠰᠢᠷᠣᠢ ᠶᠢ ᠬᠢᠮᠳᠠ ᠦᠨ᠎ᠡ ᠪᠠᠷ | ᠬᠤᠳᠠᠯᠳᠤᠭᠰᠠᠨ ᠣᠷᠣᠯᠭ᠎ᠠ ᠶᠢᠨ ᠲᠠᠷᠢᠶᠠᠯᠠᠩ ᠬᠥᠳᠡᠭᠡ ᠲᠣᠰᠬᠤᠨ ᠳᠤ ᠬᠡᠷᠡᠭᠯᠡᠬᠦ ᠬᠠᠷᠢᠴᠠᠯ ᠢ ᠯᠠᠪᠳᠠᠭᠤᠨ ᠢᠶᠠᠷ | ᠳᠡᠭᠡᠭᠰᠢᠯᠡᠭᠦᠯᠦᠨ᠎ᠡ᠃ ᠬᠤᠳᠠ ᠬᠥᠳᠡᠭᠡ ᠶᠢᠨ ᠨᠢᠭᠡᠳᠦᠯᠲᠡᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ | ᠳᠡᠯᠭᠡᠭᠦᠷ ᠢ ᠪᠠᠶᠢᠭᠤᠯᠵᠤ᠂ ᠰᠢᠶᠠᠨ ᠰᠢᠶᠠᠩ ᠤᠨ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢ ᠰᠢᠨ᠎ᠡ ᠪᠠᠷ ᠨᠠᠶᠢᠷᠠᠭᠤᠯᠬᠤ ᠳᠠᠭᠠᠨ 10% ᠠᠴᠠ ᠳᠣᠣᠷ᠎ᠠ ᠦᠭᠡᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠵᠢᠭᠠᠯᠲᠠ ᠲᠤᠭ᠎ᠠ ᠶᠢ ᠲᠠᠷᠢᠶᠠᠯᠠᠩ ᠬᠥᠳᠡᠭᠡ ᠲᠣᠰᠬᠤᠨ ᠳᠤ ᠲᠣᠬᠢᠷᠠᠭᠤᠯᠵᠤ ᠬᠡᠷᠡᠭᠯᠡᠨ᠎ᠡ᠃ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠠᠷᠠᠳ ᠪᠤᠯᠭᠠᠬᠤ ᠢᠵᠢ ᠪᠦᠷᠢᠳᠦᠭᠦᠯᠬᠦ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠩᠭᠤ ᠰᠠᠭᠤᠭ᠎ᠠ ᠭᠠᠵᠠᠷ ᠠᠴᠠ ᠡᠷᠣᠭᠡ ᠠᠮᠠ ᠳᠠᠩᠰᠠᠯᠠᠵᠥ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠪᠠᠲᠤᠯᠠᠭ᠎ᠠ᠂ | ᠲᠠᠭᠠᠵᠥ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠵᠡᠷᠭᠡ ᠳᠤ ᠨᠡᠭᠦᠵᠦ ᠣᠴᠢᠭᠰᠠᠨ | ᠭᠠᠵᠠᠷ ᠤᠨ ᠡᠷᠣᠭᠡ ᠠᠮᠠ ᠶᠢᠨ ᠳᠠᠩᠰᠠ ᠶᠢᠨ ᠬᠥᠮᠥᠨ ᠠᠮᠠ ᠯᠤᠭ᠎ᠠ ᠠᠳᠠᠯᠢ ᠲᠡᠭᠰᠢ ᠡᠷᠬᠡ ᠡᠳ᠋ᠯᠡᠬᠦ ᠶᠢ ᠠᠬᠢᠭᠤᠯᠤᠨ᠎ᠠ᠃ | ᠰᠢᠶᠠᠨ ᠤ ᠬᠡᠪᠴᠢᠶ᠎ᠡ ᠶᠢ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠴᠢᠬᠤᠯᠠ ᠭᠠᠷᠳᠠᠴᠠ ᠪᠤᠯᠭᠠᠵᠤ᠂ ᠬᠤᠲᠠ | ᠬᠥᠳᠡᠭᠡ ᠶᠢᠨ ᠵᠠᠮ ᠬᠠᠷᠢᠯᠴᠠᠭᠠᠨ ᠤ ᠵᠠᠮ ᠢ ᠬᠤᠯᠪᠣᠬᠤ᠂ ᠴᠠᠭᠢᠯᠭᠠᠨ ᠬᠠᠩᠭᠠᠬᠤ ᠲᠣᠣᠷ ᠰᠦᠯᠵᠢᠶ᠎ᠡ ᠶᠢ ᠬᠤᠯᠪᠣᠯᠳᠤᠭᠤᠯᠬᠤ᠂ | ᠠᠶᠠᠨᠴᠢᠳ ᠤᠨ ᠵᠥᠭᠡᠭᠡᠪᠦᠷᠢ ᠪᠠᠷᠠᠭᠠᠨ ᠤ ᠭᠦᠢᠯᠭᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠬᠤᠲᠠ ᠬᠥᠳᠡᠭᠡ ᠶᠢᠨ | ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠬᠦ᠂ ᠳᠦᠷᠢᠮ ᠢ ᠨᠢᠭᠡᠳᠬᠡᠬᠦ ᠶᠢ ᠠᠬᠢᠭᠤᠯᠤᠨ᠎ᠠ᠃ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ | ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠠᠨ᠎ᠠ᠃ | ︵ᠬᠤᠷᠢᠨ ᠲᠠᠪᠤ︶ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ ᠣᠯᠠᠨ | ᠲᠦᠮᠡᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠬᠥᠮᠥᠨ | ᠠᠮᠠ ᠶᠢ ᠬᠠᠮᠤᠷᠤᠭᠰᠠᠨ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤᠵᠢᠭᠰᠠᠨ ᠲᠣᠭᠲᠠᠴᠠ ᠶᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠤ | ᠱᠠᠲᠤ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ ᠪᠠᠶᠢᠭᠤᠯᠤᠨ᠎ᠠ᠃ ᠪᠠᠬᠢᠵᠢᠭᠦᠯᠬᠦ᠂ ᠳᠡᠰ | ᠳᠡᠪᠰᠢᠭᠦᠯᠬᠦ᠂ ᠠᠮᠢᠳᠤᠯᠢᠭᠵᠢᠭᠤᠯᠬᠤ᠂ ᠲᠣᠬᠢᠷᠠᠭᠤᠯᠬᠤ ᠵᠠᠷᠴᠢᠮ ᠶᠣᠰᠣᠭᠠᠷ᠂ ᠶᠠᠳᠠᠭᠤ ᠠᠴᠠ ᠠᠩᠭᠢᠵᠢᠷᠠᠭᠰᠠᠨ ᠭᠠᠵᠠᠷ | ᠣᠷᠣᠨ ᠤ ᠬᠠᠪᠰᠤᠷᠤᠨ ᠲᠡᠳᠬᠦᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠤᠶᠢᠵᠢᠯᠲᠠ ᠶᠢᠨ | ᠴᠢᠨᠠᠷ ᠢᠶᠠᠷ ᠰᠠᠶᠢᠨ᠂ ᠳᠠᠶᠢᠴᠢᠯᠠᠬᠤ ᠬᠦᠴᠦᠨ ᠢᠶᠠᠷ ᠴᠢᠩᠭ᠎ᠠ ᠬᠠᠪᠰᠤᠷᠤᠨ ᠲᠡᠳᠬᠦᠬᠦ ᠠᠵᠤ ᠦᠢᠯᠡᠰ ᠤᠨ ᠰᠢᠰᠲ᠋ᠧᠮ ᠢ | ᠪᠠᠶᠢᠭᠤᠯᠵᠤ᠂ ᠲᠠᠷᠢᠶᠠᠯᠠᠩ ᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠵᠤ ᠲᠠᠷᠢᠶᠠᠴᠢᠳ ᠢ ᠪᠠᠶᠠᠵᠢᠭᠤᠯᠬᠤ ᠠᠵᠤ ᠦᠢᠯᠡᠰ ᠢ | ᠬᠥᠭᠵᠢᠭᠦᠯᠬᠦ ᠶᠢ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠤᠷᠢᠳ ᠢᠶᠠᠷ ᠳᠡᠮᠵᠢᠬᠦ ᠠᠭᠤᠯᠭ᠎ᠠ ᠪᠣᠯᠭᠠᠨ᠎ᠠ᠃ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ | ᠨᠥᠬᠦᠪᠦᠷᠢᠯᠡᠵᠦ᠂ ᠠᠵᠤ ᠦᠢᠯᠡᠰ ᠤᠨ ᠬᠥᠭᠵᠢᠯᠲᠡ ᠳᠤ ᠬᠡᠷᠡᠭᠰᠡᠬᠦ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠷᠢᠳ ᠢᠶᠠᠷ | ᠪᠠᠶᠢᠷᠢᠰᠢᠭᠤᠯᠤᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠢ ᠬᠥᠭᠵᠢᠭᠦᠯᠵᠦ᠂ ︽ᠬᠤᠷ᠎ᠠ ᠪᠣᠷᠣᠭᠠᠨ ᠲᠥᠯᠥᠪᠯᠡᠭᠡ +︾ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠲᠥᠪ ᠤᠨ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ ᠬᠠᠪᠰᠤᠷᠤᠨ | ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ | ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠠᠬᠢᠭᠤᠯᠤᠨ᠎ᠠ᠃ ᠤᠯᠤᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠲᠥᠪᠯᠡᠷᠡᠭᠦᠯᠦᠨ | ᠳᠡᠮᠵᠢᠵᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠨ᠎ᠠ᠃ | ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠬᠢ ᠤᠯᠤᠰ ᠤᠨ ᠣᠷᠣᠭᠤᠯᠤᠯᠲᠠ ᠶᠢᠨ ᠡᠳ᠋ ᠬᠥᠷᠥᠩᠭᠡ ᠪᠣᠯᠵᠤ | ᠪᠦᠷᠢᠯᠳᠦᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠡᠷᠬᠡᠪᠰᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠬᠥᠳᠡᠭᠡ ᠠᠵᠤ ᠠᠬᠤᠢ ᠶᠢᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ᠂ ᠤᠯᠤᠰ ᠠᠷᠠᠳ ᠤᠨ ᠠᠵᠤ ᠠᠬᠤᠢ ᠪᠣᠯᠣᠨ | ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠳᠤ ᠣᠷᠣᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠲᠠᠰᠤᠷᠠᠯᠳᠠ ᠦᠭᠡᠢ ᠪᠣᠳᠠᠲᠤ ᠠᠬᠢᠴᠠ ᠲᠠᠢ | ᠪᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠲᠥᠯᠦᠪᠵᠢᠭᠦᠯᠭᠡ᠂ ᠲᠥᠷᠥᠯ ᠵᠦᠢᠯ᠂ ᠪᠡᠯᠡ ᠮᠥᠩᠭᠦ᠂ ᠬᠦᠴᠦᠨ ᠵᠦᠢᠯ ᠤᠨ | ᠬᠤᠭᠤᠷᠣᠨᠳᠣᠭᠢ ᠪᠦᠲᠦᠮᠵᠢᠲᠡᠶ ᠵᠣᠯᠭᠠᠭᠤᠯᠤᠯᠲᠠ ᠶᠢ ᠴᠢᠩᠭᠠᠷᠠᠭᠤᠯᠤᠨ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ | ᠵᠠᠶᠢᠯᠠᠰᠬᠢᠬᠦ ᠬᠡᠷᠡᠭᠲᠡᠢ᠃ ᠲᠤᠰ ᠲᠥᠯᠦᠪᠵᠢᠭᠦᠯᠭᠡ ᠳᠤ ᠲᠣᠭᠲᠠᠭᠠᠭᠰᠠᠨ ᠴᠢᠬᠤᠯᠠ ᠶᠡᠭᠡ ᠡᠭᠦᠷᠭᠡ ᠪᠠ ᠴᠢᠬᠤᠯᠠ ᠶᠡᠭᠡ | ᠢᠨᠵᠧᠨᠧᠷᠢᠩ ᠤᠨ ᠲᠦᠷᠦᠯ ᠵᠦᠢᠯ ᠨᠢ ᠭᠠᠵᠠᠷ ᠰᠢᠷᠣᠢ ᠶᠢᠨ ᠬᠠᠩᠭᠠᠯᠭ᠎ᠠ ᠶᠢ ᠤᠷᠢᠳ ᠢᠶᠠᠷ ᠪᠠᠲᠤᠯᠠᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ | ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠣᠯᠠᠨ ᠲᠠᠰ ᠳᠠᠪᠬᠤᠷᠭ᠎ᠠ ᠶᠢᠨ | ᠲᠠᠷᠢᠶᠠᠯᠠᠩ ᠤᠨ ᠳᠠᠭᠠᠳᠬᠠᠯ ᠢ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠦᠷᠢᠶ᠎ᠡ ᠪᠠ ᠪᠠᠭᠤᠷᠠᠢ ᠭᠤᠭᠴᠤᠭ᠎ᠠ ᠶᠢ ᠭᠤᠣᠯᠳᠠᠯᠭ᠎ᠠ ᠲᠠᠢ ᠳᠡᠮᠵᠢᠨ᠎ᠡ᠃ | ᠲᠠᠷᠢᠶᠠᠯᠠᠩ ᠳᠤ ᠬᠤᠯᠪᠣᠭᠳᠠᠬᠤ ᠺᠠᠳ᠋ᠷ ᠤᠨ ᠪᠣᠯᠪᠠᠰᠤᠷᠠᠯ ᠢ ᠴᠢᠩᠭᠠᠳᠬᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠰᠢᠨ᠎ᠡ | ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠳᠤ ᠦᠢᠯᠡᠴᠢᠯᠡᠬᠦ ᠴᠢᠳᠠᠪᠤᠷᠢ ᠲᠠᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ | ᠲᠥᠯᠥᠪᠯᠡᠭᠡ ᠶᠢ ᠬᠡᠷᠡᠭᠵᠢᠭᠦᠯᠵᠦ᠂ ᠲᠤᠰ ᠭᠠᠵᠠᠷ ᠣᠷᠣᠨ ᠳᠠᠭᠠᠨ ᠬᠥᠮᠥᠵᠢᠭᠦᠯᠬᠦ ᠪᠠ ᠭᠠᠳᠠᠨ᠎ᠠ ᠠᠴᠠ ᠣᠷᠣᠭᠤᠯᠤᠨ | ᠠᠪᠴᠢᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠶᠡᠭᠡ ᠳᠡᠭᠡᠳᠦ ᠰᠤᠷᠭᠠᠭᠤᠯᠢ ᠶᠢᠨ ᠬᠥᠳᠡᠭᠡ ᠠᠵᠤ ᠠᠬᠤᠢ ᠳᠤ | ᠬᠤᠯᠪᠣᠭᠳᠠᠬᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠦᠨ᠎ᠡ᠃ ᠬᠥᠳᠡᠭᠡ ᠠᠵᠤ ᠠᠬᠤᠢ ᠬᠥᠳᠡᠭᠡ | ᠲᠣᠰᠬᠤᠨ ᠤ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠡᠭᠦᠨ ᠬᠡᠰᠡᠭ ᠤᠨ | ᠳᠠᠯᠠᠶ ᠳᠠᠭᠠᠤ ᠬᠥᠭᠵᠢᠭᠰᠡᠨ ᠭᠠᠵᠠᠷ ᠣᠷᠣᠨ ᠤ ᠨᠥᠬᠦᠴᠡᠯ ᠲᠠᠢ ᠮᠤᠵᠢ ᠶᠢᠨ ᠬᠥᠳᠡᠭᠡ ᠠᠵᠤ ᠠᠬᠤᠢ ᠶᠢᠨ ᠬᠦᠴᠦᠷᠬᠡᠭ | ᠮᠤᠵᠢ ᠶᠢ ᠤᠷᠢᠳ ᠢᠶᠠᠷ ᠪᠠᠶᠢᠭᠤᠯᠬᠤ ᠶᠢ ᠠᠬᠢᠭᠤᠯᠵᠤ᠂ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ | ᠠᠬᠤᠢ ᠶᠢᠨ ᠬᠥᠭᠵᠢᠯᠲᠡ ᠶᠢᠨ ᠲᠦᠪᠰᠢᠨ ᠢᠶᠠᠷ ᠨᠡᠯᠢᠶᠡᠳ ᠥᠨᠳᠥᠷ᠂ ᠡᠬᠢ ᠪᠠᠶᠠᠯᠢᠭ ᠤᠨ ᠨᠥᠬᠦᠴᠡᠯ ᠢᠶᠠᠷ ᠨᠡᠯᠢᠶᠡᠳ ᠰᠠᠶᠢᠨ | ᠬᠤᠲᠠ ᠭᠠᠵᠠᠷ ᠢ ᠵᠣᠷᠢᠭᠵᠢᠭᠤᠯᠤᠨ ᠬᠥᠳᠡᠭᠡ ᠠᠵᠤ ᠠᠬᠤᠢ ᠶᠢᠨ ᠬᠦᠴᠦᠷᠬᠡᠭ ᠬᠤᠲᠠ ᠶᠢ ᠲᠦᠷᠭᠡᠳᠬᠡᠨ ᠪᠦᠲᠦᠭᠡᠨ | ᠪᠠᠶᠢᠭᠤᠯᠵᠤ᠂ ᠨᠥᠬᠦᠴᠡᠯ ᠲᠠᠢ ᠰᠢᠶᠠᠨ ︵ᠬᠤᠲᠠ᠂ ᠲᠣᠭᠤᠷᠢᠭ︶ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠠᠵᠤ | ᠠᠬᠤᠢ ᠶᠢᠨ ᠬᠦᠴᠦᠷᠬᠡᠭ ᠰᠢᠶᠠᠨ ᠢ ᠲᠦᠷᠭᠡᠳᠬᠡᠨ ᠪᠦᠲᠦᠭᠡᠨ ᠪᠠᠶᠢᠭᠤᠯᠵᠤ᠂ ᠵᠦᠷᠢᠶᠡᠴᠢᠯᠡᠭᠰᠡᠨ᠂ ᠣᠨᠴᠠᠯᠢᠭᠲᠤ | ᠬᠥᠭᠵᠢᠯᠲᠡ ᠶᠢᠨ ᠵᠠᠭᠪᠤᠷ ᠢ ᠲᠥᠷᠥᠯ ᠬᠤᠪᠢᠶᠠᠨ ᠰᠦᠪᠡᠭᠴᠢᠯᠡᠨ᠎ᠡ᠃ ᠴᠢᠬᠤᠯᠠ ᠶᠡᠭᠡ ᠤᠴᠢᠷ ᠶᠠᠪᠤᠳᠠᠯ ᠢ ᠴᠠᠭ | ᠲᠤᠬᠠᠢ ᠳᠤᠨᠢ ᠲᠡᠰ ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ | ᠠᠪᠴᠤ ᠮᠡᠳᠡᠭᠦᠯᠦᠨ᠎ᠡ᠃ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 7 ᠤ ᠴᠠᠭᠢᠯᠭᠠᠨ ᠮᠡᠳᠡᠭᠡ |