ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/4/12
ᠴᠡᠭᠡᠯ ᠠᠭᠤᠯᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠦᠨᠳᠦᠰᠦᠨ ᠬᠠᠤᠯᠢ ᠪᠠ ᠣᠷᠣᠨ ᠨᠤᠲᠤᠭ ᠤᠨ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠦᠨᠳᠦᠰᠦᠯᠡᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠲᠣᠭᠤᠷᠢᠭ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠣᠭᠤᠷᠢᠭ ᠤᠨ ᠳᠠᠷᠤᠭ᠎ᠠ ᠶᠢ ᠬᠠᠮᠵᠢᠨ ᠠᠵᠢᠯᠯᠠᠨ᠎ᠠ᠃ ᠠᠵᠢᠯᠲᠠᠨ ᠤ ᠶᠠᠪᠤᠳᠠᠯ ᠤᠨ ᠬᠤᠪᠢᠷᠠᠯᠲᠠ ᠶᠢᠨ ᠪᠠᠶᠢᠳᠠᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠤᠳᠤᠯᠬᠤ ᠪᠠᠷ ᠳᠠᠮᠵᠢᠭᠠᠳ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠨᠢ ᠳᠣᠣᠷᠠᠬᠢ ᠮᠡᠲᠦ᠄    ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ  ᠼᠦᠢ ᠬᠤᠩ ᠪᠥᠸᠧ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠤᠳᠤᠷᠢᠳᠴᠤ᠂ ᠬᠢᠨᠠᠨ ᠪᠤᠳᠤᠬᠤ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ   ᠵᠦ ᠯᠢ ᠬᠤᠸᠠ    ᠲᠣᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ᠂ ᠮᠥᠩᠭᠦᠨ ᠭᠦᠢᠯᠭᠡᠭᠡ᠂ ᠭᠠᠶᠢᠯᠢ ᠶᠢᠨ ᠶᠠᠪᠤᠳᠠᠯ᠂ ᠠᠵᠤ ᠠᠬᠤᠢ ᠶᠢᠨ ᠪᠠᠶᠢᠭᠤᠯᠤᠮᠵᠢ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠪᠠᠭᠲᠠᠨ᠎ᠠ︶᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠦᠢᠯᠡᠴᠢᠯᠡᠭᠡᠨ ᠤ ᠲᠥᠪ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ᠂ ᠴᠡᠭᠡᠯ ᠠᠭᠤᠯᠠᠨ ᠤ ᠡᠳ᠋ ᠤᠨ ᠵᠠᠰᠠᠭ ᠤᠨ ᠭᠠᠵᠠᠷ ᠪᠠᠭᠲᠠᠨ᠎ᠠ︶᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠢ ᠬᠤᠪᠢᠳᠠᠨ ᠬᠠᠮᠢᠶᠠᠷᠤᠨ᠎ᠠ᠃ ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠲᠣᠭᠤᠷᠢᠭ ᠤᠨ ᠳᠠᠷᠤᠭ᠎ᠠ ᠶᠢ ᠬᠠᠪᠰᠤᠷᠤᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠲᠣᠭᠤᠷᠢᠭ ᠲᠤ ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠦᠬᠠᠶ ᠶᠢᠨ ᠲᠡᠷᠭᠡᠨ ᠤ ᠶᠠᠪᠤᠳᠠᠯ  ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ   ᠵᠠᠩ ᠯᠦ ᠫᠢᠩ     ᠲᠣᠭᠤᠷᠢᠭ ᠤᠨ ᠳᠠᠷᠤᠭ᠎ᠠ ᠶᠢ ᠬᠠᠮᠵᠢᠨ ᠰᠢᠨᠵᠢᠯᠡᠬᠦ ᠤᠬᠠᠭᠠᠨ ᠮᠡᠷᠭᠡᠵᠢᠯ᠂ ᠤᠰᠤᠨ ᠤ ᠶᠠᠪᠤᠳᠠᠯ᠂ ᠠᠵᠤ ᠦᠢᠯᠡᠳᠪᠦᠷᠢ ᠶᠢᠨ ᠠᠵᠤ ᠠᠬᠤᠶ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ︵ᠤᠰᠤᠨ ᠤ ᠶᠠᠪᠤᠳᠠᠯ ᠤᠨ ᠲᠠᠯ᠎ᠠ ᠶᠢᠨ ᠠᠵᠢᠯ︶᠂ ᠲᠣᠭᠤᠷᠢᠭ ᠤᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃    ᠦᠬᠠᠶ ᠶᠢᠨ ᠬᠠᠶᠢᠷᠤᠪ ᠤᠨ ᠲᠣᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠣᠭᠤᠷᠢᠭ ᠤᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠱᠧᠩ ᠶᠤᠸᠠᠨ ᠤᠰᠤᠨ ᠤ ᠶᠠᠪᠤᠳᠠᠯ ᠤᠨ ᠺᠣᠮᠫᠠᠨᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠳᠡᠳ᠋ ᠳᠠᠷᠤᠭ᠎ᠠ   ᠬᠠᠨ ᠵᠢᠶᠠᠨ ᠬᠤᠸᠠ     ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠠᠶᠢᠷᠤᠪ ᠤᠨ ᠲᠣᠬᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠠᠵᠢᠯ ᠢ ᠡᠷᠬᠢᠯᠡᠨ᠎ᠡ᠃ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︵ᠬᠠᠤᠯᠢ ᠲᠦᠷᠢᠮ ᠤᠨ ᠠᠵᠢᠯ ᠤᠨ ᠠᠯᠪᠠᠨ ᠬᠡᠷ ᠪᠠᠭᠲᠠᠨ᠎ᠠ︶᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠃    ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠬᠠᠶᠢᠷᠤᠪ ᠤᠨ ᠲᠤᠬᠤᠢ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ    ᠰᠦᠨ ᠶᠠᠨ ᠬᠤᠩ    ᠲᠣᠭᠤᠷᠢᠭ ᠤᠨ ᠳᠠᠷᠤᠭ᠎ᠠ ᠶᠢ ᠬᠠᠪᠰᠤᠷᠤᠨ ᠰᠤᠷᠭᠠᠨ ᠬᠥᠮᠦᠵᠢᠯ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ᠂ ᠭᠠᠵᠠᠷ ᠰᠢᠷᠣᠶ ᠭᠡᠷ ᠪᠠᠶᠢᠰᠢᠩ ᠢ ᠲᠠᠲᠠᠪᠤᠷᠢᠯᠠᠬᠤ᠂ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ ᠬᠤᠶᠠᠳᠤᠭᠠᠷ ᠳᠡᠰ ᠤᠨ ᠨᠢᠭᠡᠴᠢ ᠪᠠᠭᠲᠠᠨ᠎ᠠ︶᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ᠂ ᠲᠣᠭᠤᠷᠢᠭ ᠤᠨ ᠭᠠᠵᠠᠷ ᠰᠢᠷᠣᠶ ᠬᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ᠂ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠶᠢᠷᠤᠪ ᠤᠨ ᠲᠣᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠭᠠᠵᠠᠷ ᠰᠢᠷᠣᠶ ᠶᠢᠨ ᠲᠠᠯ᠎ᠠ ᠶᠢᠨ ᠠᠵᠢᠯ︶᠂ ᠲᠣᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠲᠠᠢ ᠬᠠᠷᠢᠯᠴᠠᠨ᠎ᠠ        ᠲᠣᠭᠤᠷᠢᠭ ᠤᠨ ᠳᠡᠳ᠋ ᠳᠠᠷᠤᠭ᠎ᠠ    ᠸᠠᠩ ᠱᠦ ᠶᠠᠨ      ᠲᠣᠭᠤᠷᠢᠭ ᠤᠨ ᠳᠠᠷᠤᠭ᠎ᠠ ᠶᠢ ᠬᠠᠮᠵᠢᠨ ᠦᠨᠳᠦᠰᠦᠲᠡᠨ ᠤ ᠬᠡᠷᠡᠭ ᠶᠠᠪᠤᠳᠠᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠪᠠᠭᠲᠠᠨ᠎ᠠ︶᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ ᠪᠠᠭᠲᠠᠨ᠎ᠠ︶᠂ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠᠭᠲᠠᠨ᠎ᠠ︶ ᠶᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ᠂ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠳᠡᠳ᠋ ᠳᠠᠷᠤᠭ᠎ᠠ  ᠦ᠋ ᠬᠠᠢ    ᠲᠣᠭᠤᠷᠢᠭ ᠤᠨ ᠳᠠᠷᠤᠭ᠎ᠠ ᠶᠢ ᠬᠠᠮᠵᠢᠨ ᠡᠨᠧᠷᠭᠢ᠂ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃     ᠬᠠᠶᠢᠷᠤᠪ ᠤᠨ ᠲᠣᠬᠤᠢ ᠶᠢᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠠᠶᠢᠷᠤᠪ ᠤᠨ ᠲᠣᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠠᠭᠤᠷᠬᠠᠶ ᠶᠢᠨ ᠡᠬᠢ ᠪᠠᠶᠠᠯᠢᠭ ᠤᠨ ᠲᠠᠯ᠎ᠠ ᠶᠢᠨ ᠠᠵᠢᠯ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ ᠪᠠᠭᠲᠠᠨ᠎ᠠ︶᠂ ᠦᠬᠠᠶ ᠶᠢᠨ ᠴᠠᠬᠢᠯᠭᠠᠨ ᠦᠢᠯᠡᠰ ᠤᠨ ᠲᠣᠪᠴᠢᠶ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠦᠬᠠᠶ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠦᠬᠠᠶ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠦᠬᠠᠶ ᠶᠢᠨ ᠬᠤᠪᠢᠶᠠᠷᠢ ᠺᠣᠮᠫᠠᠨᠢ ᠪᠠᠭᠲᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠳᠡᠳ᠋ ᠳᠠᠷᠤᠭ᠎ᠠ   ᠹᠦ᠋ ᠷᠦᠢ     ᠲᠣᠭᠤᠷᠢᠭ ᠤᠨ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ᠂ ᠬᠤᠳᠠᠯᠳᠤᠭᠠᠨ ᠤ ᠶᠠᠪᠤᠳᠠᠯ᠂ ᠭᠠᠳᠠᠭᠠᠳᠤ ᠠᠷᠠᠯᠵᠢᠶ᠎ᠠ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ︵ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠶᠢᠨ ᠠᠵᠢᠯ︶᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠪᠠᠭᠲᠠᠨ᠎ᠠ︶᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠪᠠᠭᠲᠠᠨ᠎ᠠ︶᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃    ᠴᠡᠭᠡᠯ ᠠᠭᠤᠯᠠ ᠪᠠᠯᠭᠠᠰᠤ᠂ ᠲᠣᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠲᠣᠭᠤᠷᠢᠭ ᠤᠨ ᠣᠶᠤᠨ ᠤ ᠪᠣᠯᠪᠠᠰᠤᠨ ᠤ ᠠᠯᠪᠠᠨ ᠬᠡᠷ᠂ ᠲᠣᠭᠤᠷᠢᠭ ᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠵᠤ ᠪᠠᠯᠠ ᠴᠤᠭᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠳᠡᠳ᠋ ᠳᠠᠷᠤᠭ᠎ᠠ   ᠯᠢ ᠳ᠋ᠦᠩ ᠬᠠᠢ    ᠲᠣᠭᠤᠷᠢᠭ ᠤᠨ ᠳᠡᠳ᠋ ᠳᠠᠷᠤᠭ᠎ᠠ ᠶᠢ ᠬᠠᠮᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠯ᠎ᠠ ᠶᠢᠨ ᠠᠵᠢᠯ ᠢ ᠬᠠᠷᠢᠭᠤᠴᠠᠵᠤ᠂ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠪᠣᠯᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠵᠢᠯ ᠢ ᠲᠤᠰᠬᠠᠶ ᠬᠠᠷᠢᠭᠤᠴᠠᠨ ᠨᠠᠶᠢᠳᠠᠪᠤᠷᠢᠵᠢᠭᠤᠯᠤᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠵᠡᠷᠭᠡ ᠬᠠᠮᠢᠶ᠎ᠠ ᠪᠦᠬᠦᠢ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠪᠠᠶᠢᠭᠤᠯᠤᠯ ᠤᠨ ᠥᠭᠡᠷᠡᠴᠢᠯᠡᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳᠡᠭᠡᠳᠦ ᠱᠠᠲᠤᠨ ᠤ ᠪᠡᠯᠡ ᠮᠥᠩᠭᠦ ᠣᠯᠬᠤ ᠲᠦᠷᠦᠯ ᠵᠦᠢᠯ ᠵᠡᠷᠭᠡ ᠲᠠᠯ᠎ᠠ ᠳᠤ ᠬᠤᠯᠪᠣᠭᠳᠠᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠭᠤᠷᠢᠭ ᠤᠨ ᠳᠠᠷᠤᠭ᠎ᠠ ᠠᠴᠠ ᠭᠠᠳᠠᠨ᠎ᠠ᠂ ᠪᠤᠰᠤᠳ ᠳᠡᠳ᠋ ᠲᠣᠭᠤᠷᠢᠭ ᠤᠨ ᠳᠠᠷᠤᠭ᠎ᠠ ᠴᠥᠮ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠵᠣᠬᠢᠴᠠᠩᠭᠤᠢ ᠡᠭᠦᠷᠭᠡ ᠬᠠᠷᠢᠭᠤᠴᠠᠯᠭ᠎ᠠ ᠵᠢᠴᠢ ᠬᠠᠮᠢᠶ᠎ᠠ ᠪᠦᠬᠦᠢ ᠠᠵᠢᠯ ᠢ ᠬᠠᠷᠢᠭᠤᠴᠠᠨ ᠡᠭᠦᠷᠭᠡᠯᠡᠨ᠎ᠡ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠵᠣᠬᠢᠴᠠᠭᠤᠯᠭ᠎ᠠ ᠡᠮᠬᠢ ᠵᠢᠷᠤᠮ ᠲᠠᠢ᠂ ᠵᠠᠪᠰᠠᠷ ᠥᠬᠡᠶ ᠵᠣᠯᠭᠠᠯᠴᠠᠵᠤ᠂ ᠥᠨᠳᠥᠷ ᠪᠦᠲᠦᠮᠵᠢᠲᠡᠶ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠬᠦᠨ ᠬᠤᠭᠤᠷᠣᠨᠳᠣ AB ᠥᠨᠴᠥᠭ ᠤᠨ ᠠᠵᠢᠯ ᠤᠨ ᠲᠦᠷᠢᠮ ᠢ ᠬᠡᠷᠡᠭᠵᠢᠭᠦᠯᠦᠭᠰᠡᠨ ᠢᠶᠠᠷ᠄ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠦ ᠯᠢ ᠬᠤᠸᠠ ᠪᠣᠯᠤᠨ ᠳᠡᠳ᠋ ᠳᠠᠷᠤᠭ᠎ᠠ ᠰᠦᠨ ᠶᠠᠨ ᠬᠤᠩ ᠬᠠᠷᠢᠯᠴᠠᠨ AB ᠪᠤᠯᠤᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠠᠩ ᠯᠦ ᠫᠢᠩ ᠪᠣᠯᠤᠨ ᠳᠡᠳ᠋ ᠳᠠᠷᠤᠭ᠎ᠠ ᠡᠤ ᠬᠠᠶ ᠬᠠᠷᠢᠯᠴᠠᠨ AB ᠥᠨᠴᠥᠭ ᠪᠣᠯᠤᠨ᠎ᠠ︔ ᠳᠡᠳ᠋ ᠳᠠᠷᠤᠭ᠎ᠠ ᠬᠠᠨ ᠵᠢᠶᠠᠨ ᠬᠤᠸᠠ᠂ ᠸᠠᠩ ᠱᠤ᠋ ᠶᠠᠨ᠂ ᠯᠢ ᠳ᠋ᠦᠩ ᠬᠠᠶ ᠪᠣᠯᠤᠨ ᠲᠣᠭᠤᠷᠢᠭ ᠤᠨ ᠳᠡᠳ᠋ ᠳᠠᠷᠤᠭ᠎ᠠ ᠹᠦ᠋ ᠷᠦᠢ ᠬᠠᠷᠢᠯᠴᠠᠨ AB ᠥᠨᠴᠥᠭ ᠪᠣᠯᠤᠨ᠎ᠠ᠃       ᠬᠠᠷᠢᠯᠴᠠᠨ AB ᠲᠦᠷᠢ ᠲᠦᠷᠬᠦ ᠪᠦᠬᠦᠢ ᠲᠤᠭᠤᠷᠢᠭ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠨᠦᠬᠦᠨ ᠨᠦᠬᠦᠬᠦ ᠬᠤᠭᠤᠴᠠᠭᠠᠨ ᠳᠤ᠂ ᠤᠷᠤᠯᠠᠨ ᠰᠢᠢᠳᠪᠤᠷᠢᠯᠡᠬᠦ᠂ ᠲᠤᠤᠷᠠᠳᠤ ᠱᠠᠳᠤᠨ ᠤ ᠪᠢᠴᠢᠭ ᠮᠠᠲ᠋ᠧᠷᠢᠶᠠᠯ ᠢᠷᠡᠬᠦ᠂ ᠪᠢᠴᠢᠭ ᠮᠠᠲ᠋ᠧᠷᠢᠶᠠᠯ ᠶᠠᠪᠤᠭᠤᠯᠬᠤ ᠵᠡᠷᠭᠡ ᠠᠯᠪᠠᠨ ᠪᠢᠴᠢᠭ ᠤᠨ ᠤᠴᠢᠷ ᠶᠠᠪᠤᠳᠠᠯ ᠢ ᠤᠷᠤᠯᠠᠨ ᠬᠦᠢᠴᠡᠳᠬᠡᠨ᠎ᠡ︔ ᠡᠯ᠎ᠠ ᠵᠦᠢᠯ ᠤᠨ ᠬᠤᠷᠠᠯ ᠢ ᠤᠷᠤᠯᠠᠨ ᠬᠢᠬᠦ ᠪᠤᠶᠤ ᠴᠤᠭᠯᠠᠭᠤᠯᠵᠤ᠂ ᠲᠡᠭᠡᠳᠤ ᠱᠠᠳᠤᠨ ᠤ ᠪᠠᠶᠢᠴᠠᠭᠠᠨ ᠵᠢᠯᠤᠭᠤᠳᠬᠤ ᠪᠤᠶᠤ  ᠲᠤᠭᠤᠷᠢᠭ ᠤᠨ ᠭᠠᠳᠠᠨᠠᠬᠢ ᠵᠤᠴᠢᠳ ᠢ ᠬᠦᠯᠢᠶᠡᠨ ᠠᠪᠴᠤ ᠲᠤᠭᠤᠷᠢᠨ ᠦᠵᠡᠵᠦ ᠰᠢᠨᠵᠢᠯᠡᠨ ᠪᠠᠶᠢᠴᠠᠭᠠᠯᠭᠠᠨ᠎ᠠ ︔ ᠤᠷᠤᠯᠠᠨ ᠬᠦᠢᠴᠡᠳᠬᠡᠨ᠎ᠡ︔ ᠪᠤᠰᠤᠳ ᠲᠦᠷ ᠴᠠᠭ ᠤᠨ ᠠᠯᠪᠠᠨ ᠶᠠᠪᠤᠳᠠᠯ ᠵᠢᠴᠢ ᠬᠡᠨᠡᠳᠳᠡ ᠶᠢᠨ ᠬᠡᠷᠡᠭ ᠢ ᠤᠷᠤᠯᠠᠨ ᠰᠢᠢᠳᠪᠤᠷᠢᠯᠡᠨ᠎ᠡ︔ ᠲᠤᠭᠤᠷᠢᠭ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠡᠯ᠎ᠡ ᠲᠤᠰᠬᠠᠶ ᠤᠳᠤᠷᠢᠳᠬᠤ ᠪᠠᠶᠢᠭᠤᠯᠤᠮᠵᠢ ᠨᠢ ᠬᠠᠷᠠᠭᠠᠯᠵᠠᠭᠰᠠᠨ ᠤᠳᠤᠷᠢᠳᠬᠤ ᠲᠤᠰᠢᠶᠠᠯ ᠢ ᠡᠭᠦᠷᠭᠡᠯᠡᠵᠦ ᠪᠠᠶᠢᠭ᠎ᠠ ᠪᠦᠬᠦᠨ ᠢ ᠴᠥᠮ ᠲᠣᠰ ᠠᠵᠢᠯ ᠤᠨ ᠬᠤᠪᠢᠶᠠᠷᠢᠯᠠᠯ ᠶᠣᠰᠣᠭᠠᠷ ᠥᠪᠡᠰᠦᠪᠡᠨ ᠲᠣᠬᠢᠷᠠᠭᠤᠯᠤᠯᠲᠠ ᠬᠢᠵᠦ᠂ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号