ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 10 ᠤ ᠴᠠᠭᠢᠯᠭᠠᠨ ᠮᠡᠳᠡᠭᠡ 4 ᠰᠠᠷ᠎ᠠ ᠶᠢᠨ 9 ᠤ ᠡᠳᠦᠷ᠂ | ᠯᠠᠲ᠋ᠢᠨ ᠠᠮᠧᠷᠢᠺᠠ ᠪᠠ ᠺᠠᠷᠢᠪᠧ ᠲᠠᠩᠭᠢᠰ ᠤᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠢᠰᠦᠳᠦᠭᠡᠷ ᠬᠤᠭᠤᠴᠠᠭᠠᠨ ᠤ | ᠲᠦᠷᠦᠭᠦᠴᠦᠳ ᠤᠨ ᠬᠤᠷᠠᠯ ᠵᠢᠵᠢᠭᠦᠷ ᠲᠡᠷᠢᠭᠦᠯᠡᠭᠴᠢ ᠤᠯᠤᠰ ᠬᠤᠨᠳᠦ᠋ᠷᠠᠰ ᠲᠤ ᠶᠠᠪᠤᠭᠳᠠᠵᠤ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠣᠳᠣᠬᠠᠨ ᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ | ᠲᠦᠷᠭᠡᠳᠦᠨ ᠤᠯᠠᠷᠢᠵᠤ᠂ ᠳᠤᠮᠳᠠᠳᠤ ᠤᠯᠤᠰ ᠵᠢᠴᠢ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠲᠠᠩᠭᠢᠰ ᠤᠨ ᠤᠯᠤᠰ ᠤᠳ ᠢ | ᠪᠠᠭᠲᠠᠭᠠᠭᠰᠠᠨ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ︾ ᠰᠦᠷ ᠬᠦᠴᠦᠨ ᠲᠣᠪᠤᠶᠢᠮ᠎ᠠ ᠪᠠᠶᠢᠨ᠎ᠠ᠃ | ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠤᠯᠪᠤᠭᠠᠯᠠᠨ ᠥᠪᠡᠷ ᠢ ᠪᠠᠨ | ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ | ᠬᠥᠭᠵᠢᠯᠲᠡ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠣᠷᠣᠨ ᠪᠦᠰᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠳᠤ | ᠴᠢᠬᠤᠯᠠ ᠦᠢᠯᠡᠳᠦᠯ ᠦᠵᠡᠭᠦᠯᠪᠡ᠃ ᠯᠠᠲ᠋ᠢᠨ ᠠᠮᠧᠷᠢᠺᠠ ᠪᠣᠯᠣᠨ ᠺᠠᠷᠢᠪᠧ ᠲᠠᠩᠭᠢᠰ ᠤᠨ ᠤᠯᠤᠰ ᠤᠳ ᠪᠣᠯᠣᠨ ᠠᠷᠠᠳ | ᠲᠦᠮᠡᠨ ᠬᠥᠭᠵᠢᠨ ᠮᠠᠨᠳᠤᠬᠤ ᠵᠠᠮ ᠳᠡᠭᠡᠷ᠎ᠡ ᠨᠡᠩ ᠶᠡᠭᠡ ᠠᠮᠵᠢᠯᠲᠠ ᠪᠦᠲᠦᠮᠵᠢ ᠣᠯᠵᠤ᠂ ︽ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ︾ ᠤᠨ ᠪᠦᠯᠬᠦᠮᠳᠡᠯ ᠬᠠᠮᠵᠢᠯᠴᠠᠭ᠎ᠠ ᠶᠢ ᠴᠢᠩᠭᠠᠳᠬᠠᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠭᠦ ᠶᠢ ᠴᠢᠩ ᠰᠡᠳᠬᠢᠯ ᠠᠴᠠ ᠪᠠᠨ ᠬᠦᠰᠡᠨ ᠵᠥᠩᠨᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠶᠢᠨ ᠬᠠᠷᠢᠯᠴᠠᠭ᠎ᠠ ᠳᠡᠯᠡᠬᠡᠢ ᠶᠢᠨ ᠤᠷᠪᠠᠭᠠᠨ | ᠬᠥᠷᠪᠡᠭᠡᠨ ᠤ ᠰᠢᠯᠭᠠᠯᠲᠠ ᠶᠢ ᠥᠩᠭᠡᠷᠡᠭᠡᠵᠦ᠂ ᠨᠢᠭᠡᠨᠲᠡ ᠡᠷᠬᠡ ᠲᠡᠭᠰᠢ᠂ ᠬᠠᠷᠢᠯᠴᠠᠨ ᠠᠰᠢᠭᠲᠠᠢ ᠰᠢᠨ᠎ᠡ ᠶᠢ ᠡᠭᠦᠳᠬᠦ᠂ | ᠨᠡᠭᠡᠭᠡᠯᠲᠡᠲᠡᠢ᠂ ᠠᠷᠠᠳ ᠲᠤ ᠠᠰᠢᠭ ᠬᠦᠷᠲᠡᠭᠡᠬᠦ ᠰᠢᠨ᠎ᠡ ᠱᠠᠲᠤᠨ ᠳᠤ ᠣᠷᠣᠪᠠ᠃ ᠬᠤᠶᠠᠷ ᠲᠠᠯ᠎ᠠ ᠶᠢᠨ ᠤᠯᠤᠰ ᠲᠦᠷᠦ ᠶᠢᠨ | ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠷᠭᠦᠯᠵᠢᠯᠡᠨ | ᠥᠷᠭᠡᠵᠢᠵᠦ᠂ ᠰᠣᠶᠣᠯ ᠢᠷᠭᠡᠨᠰᠢᠯ ᠤᠨ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠳᠤᠮᠳᠠᠳᠤ ᠯᠠᠲ᠋ᠢᠨ ᠠᠮᠧᠷᠢᠺᠠ ᠶᠢᠨ | ᠬᠤᠶᠠᠷ ᠲᠠᠯ᠎ᠠ ᠶᠢᠨ ᠠᠷᠠᠳ ᠲᠦᠮᠡᠨ ᠳᠤ ᠠᠰᠢᠭ ᠬᠦᠷᠲᠡᠭᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ | ᠬᠡᠪ ᠳᠠᠭᠤᠷᠢᠶᠠᠯ ᠢ ᠪᠤᠢ ᠪᠣᠯᠭᠠᠪᠠ᠃ ᠳᠤᠮᠳᠠᠳᠤ ᠤᠯᠤᠰ ᠳᠤᠷᠠᠲᠠᠶ᠎ᠠ ᠭᠠᠵᠠᠷ ᠣᠷᠣᠨ ᠤ ᠤᠯᠤᠰ ᠤᠳ ᠲᠠᠢ ᠬᠠᠮᠲᠤ ᠪᠠᠷ | ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠲᠠ | ᠦᠭᠡᠢ ᠰᠢᠨ᠎ᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠡᠨᠡ ᠵᠢᠯ᠂ ᠳᠤᠮᠳᠠᠳᠤ ᠤᠯᠤᠰ ᠪᠡᠭᠡᠵᠢᠩ ᠳᠤ ᠳᠤᠮᠳᠠᠳᠤ | ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠡᠯ᠎ᠡ ᠪᠦᠷᠢᠯᠳᠦᠭᠦᠨ ᠤᠯᠤᠰ ᠤᠨ | ᠳᠤᠮᠳᠠᠳᠤ ᠤᠯᠤᠰ ᠲᠤ ᠢᠷᠡᠵᠦ ᠬᠤᠷᠠᠯ ᠳᠤ ᠣᠷᠣᠯᠴᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ | ᠬᠠᠮᠲᠤᠷᠠᠯᠴᠠᠭᠠᠨ ᠤ ᠦᠪᠡᠳᠡᠭᠰᠢ ᠠᠵᠢᠯᠯᠠᠭ᠎ᠠ ᠶᠢ ᠬᠠᠮᠲᠤ ᠪᠠᠷ ᠪᠡᠶᠡᠯᠡᠭᠦᠯᠵᠦ᠂ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠠᠷᠭᠠᠴᠠᠭᠠᠬᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ ᠠᠬᠢᠭᠤᠯᠬᠤ᠂ ᠳᠡᠯᠡᠬᠡᠢ ᠶᠢᠨ | ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠪᠠᠶᠠᠷᠯᠠᠨ | ᠤᠭᠲᠤᠵᠤ ᠪᠠᠶᠢᠨ᠎ᠠ ᠭᠡᠵᠦ ᠴᠢᠩᠭᠠᠳᠬᠠᠪᠠ᠃ |