ᠬᠠᠶᠢᠷᠤᠪ ᠤᠨ ᠲᠤᠬᠤᠢ ᠶᠢᠨ ᠬᠢᠨ ᠳᠤᠲᠠᠭᠤᠳᠠᠯ ᠢᠶᠠᠨ ᠡᠷᠢᠵᠦ᠂ ᠦᠢᠯᠡᠴᠢᠯᠡᠭᠡ ᠪᠠᠨ ᠴᠢᠩᠭᠠᠳᠬᠠᠨ᠎ᠠ
ᠨᠡᠶᠢᠲᠡᠯᠡᠭᠰᠡᠨ ᠴᠠᠭ᠄
2025/4/15
    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ︽ᠪᠢ ᠣᠯᠠᠨ ᠲᠦᠮᠡᠨ ᠳᠤ  ᠪᠠᠷ᠎ᠠ ᠪᠤᠯᠵᠤ ᠶᠠᠪᠤᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷ ᠪᠣᠯᠤᠨ ᠠᠵᠢᠯᠲᠠᠨ ᠤ ᠪᠦᠬᠦ ᠶᠠᠪᠤᠴᠠ ᠳᠤ ᠪᠠᠷ᠎ᠠ ᠪᠣᠯᠬᠤ ᠪᠠᠷ ᠳᠠᠮᠵᠢᠭᠤᠯᠤᠨ ᠠᠵᠢᠯ ᠶᠠᠪᠤᠳᠠᠯ ᠭᠦᠢᠴᠡᠤᠡᠭᠡᠬᠦ ᠣᠯᠠᠨ ᠲᠦᠮᠡᠨ ᠳᠤ ᠲᠤᠬᠠᠶᠢᠯᠠᠭᠰᠠᠨ ᠠᠵᠢᠯ ᠤᠨ ᠴᠤᠪᠤᠷᠠᠯ ᠢ ᠪᠡᠶᠡᠴᠢᠯᠡᠨ ᠣᠶᠢᠯᠠᠭᠠᠵᠤ᠂ ᠤᠶᠢᠯᠡᠴᠢᠯᠡᠭᠡᠨ ᠤ ᠳᠤᠲᠠᠭᠤᠳᠠᠯ ᠢ ᠡᠷᠢᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠳᠠᠬᠢᠨ ᠰᠢᠯᠢᠳᠡᠭᠵᠢᠭᠦᠯᠬᠦ ᠶᠢ ᠠᠬᠢᠭᠤᠯᠪᠠ᠃
640.png   
    ᠨᠢᠭᠡᠳᠦᠭᠡᠷ ᠤᠯᠠᠷᠢᠯ ᠳᠤ ᠨᠡᠶᠢᠲᠡ ᠵᠢᠷᠭᠤᠭᠠᠨ ᠰᠠᠯᠠᠭ᠎ᠠ ᠮᠥᠴᠢᠷ ᠣᠷᠣᠯᠴᠠᠵᠤ᠂ ᠤᠶᠢᠯᠡᠴᠢᠯᠡᠭᠡ ᠳᠤ ᠠᠰᠠᠭᠤᠳᠠᠯ ᠥᠬᠡᠶ ᠰᠠᠶᠢᠨ ᠦᠨᠡᠯᠡᠯᠲᠡ ᠶᠢ ᠣᠯᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠤᠳᠤᠷᠢᠳᠬᠤ ᠺᠠᠳ᠋ᠷ ᠡᠩ ᠤᠨ ᠠᠵᠢᠯᠲᠠᠨ ᠤ ᠪᠡᠶ᠎ᠡ ᠭᠠᠷᠤᠯ ᠢᠶᠠᠷ ᠵᠥᠪᠯᠡᠯᠭᠡ ᠥᠭᠬᠦ᠂ ᠨᠣᠮᠧᠷ ᠠᠪᠬᠤ᠂ ᠬᠦᠰᠦᠨᠦᠭ ᠲᠠᠭᠯᠠᠬᠤ᠂ ᠮᠠᠲ᠋ᠧᠷᠢᠶᠠᠯ ᠢᠶᠠᠨ ᠲᠤᠰᠢᠶᠠᠬᠤ ᠠᠴᠠ ᠭᠡᠷᠡᠴᠢ ᠭᠠᠷᠭᠠᠵᠤ ᠳᠠᠭᠤᠰᠬᠠᠬᠤ ᠪᠥᠬᠦ ᠶᠠᠪᠤᠴᠠ ᠶᠢ ᠲᠠᠭᠠᠨ᠂ ᠪᠡᠶ᠎ᠡ ᠪᠠᠷ ᠢᠶᠠᠨ ᠣᠶᠢᠯᠠᠭᠠᠬᠤ ᠪᠠ ᠬᠠᠷᠢᠯᠴᠠᠨ ᠰᠣᠯᠢᠯᠴᠠᠬᠤ ᠪᠠᠷ ᠳᠠᠮᠵᠢᠭᠤᠯᠤᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠤᠡᠭᠡᠬᠦ ᠪᠣᠳᠠᠲᠤ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠶᠢ ᠨᠠᠩ ᠭᠦᠨᠵᠡᠭᠡᠶ ᠣᠶᠢᠯᠠᠭᠠᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠠᠰᠠᠭ ᠤᠨ ᠣᠷᠳᠣᠨ ᠪᠠ ᠣᠯᠠᠨ ᠲᠦᠮᠡᠨ ᠤ ᠬᠠᠷᠢᠯᠴᠠᠭ᠎ᠠ ᠶᠢ ᠨᠢᠭᠲᠠᠷᠠᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ  ᠲᠤᠭᠤᠷᠢᠭ ᠤᠨ ᠲᠠᠰ ᠤᠨ ᠡᠯ᠎ᠡ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠤᠨ ᠵᠣᠬᠢᠶᠠᠨ ᠪᠠᠶᠢᠭᠤᠯᠵᠤ᠂ ︽ᠪᠢ ᠣᠯᠠᠨ ᠲᠦᠮᠡᠨ ᠳᠤ ᠪᠠᠷ᠎ᠠ  ᠪᠤᠯᠵᠤ ᠶᠠᠪᠤᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠪᠡ᠃
640 (1).png   
    ᠨᠢᠭᠡᠳᠦᠭᠡᠷ ᠤᠯᠠᠷᠢᠯ ᠤᠨ ᠭᠦᠨᠵᠡᠭᠡᠶ ᠪᠡᠶᠡᠴᠢᠯᠡᠨ ᠣᠶᠢᠯᠠᠭᠠᠬᠤ ᠪᠠ ᠨᠠᠷᠢᠨ ᠠᠵᠢᠭᠯᠠᠬᠤ ᠪᠠᠷ ᠳᠡᠮᠵᠢᠨ᠂ ᠵᠢᠷᠭᠤᠭᠠᠨ ᠣᠷᠣᠯᠴᠠᠬᠤ ᠰᠠᠯᠠᠭ᠎ᠠ ᠮᠥᠴᠢᠷ ᠴᠥᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠣᠯᠵᠤ ᠮᠡᠳᠡᠭᠰᠡᠨ ᠥᠬᠡᠶ᠃ ᠡᠨᠡ ᠨᠢ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠶᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ᠂ ᠤᠶᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠪᠠ ᠣᠯᠤᠭᠰᠠᠨ ᠦᠷ᠎ᠡ ᠪᠦᠲᠦᠮᠵᠢ ᠶᠢ ᠭᠦᠢᠴᠡᠳ ᠬᠠᠷᠠᠭᠤᠯᠵᠤ ᠪᠠᠶᠢᠨ᠎ᠠ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠴᠢᠬᠤᠯᠠᠴᠢᠯᠠᠬᠤ ᠪᠠ ᠬᠠᠷᠢᠭᠤᠴᠠᠯᠭ᠎ᠠ ᠡᠭᠦᠷᠭᠡᠯᠡᠬᠦ ᠣᠪᠣᠷ ᠢ ᠢᠯᠡᠷᠡᠭᠦᠯᠪᠡ᠃    ᠲᠣᠰ ᠤᠳᠠᠭᠠᠨ ᠤ ︽ᠪᠢ ᠣᠯᠠᠨ ᠲᠦᠮᠡᠨ ᠳᠤ ᠪᠠᠷ᠎ᠠ ᠪᠣᠯᠵᠣ ᠶᠠᠪᠤᠬᠤ︾ ᠠᠵᠢᠯᠯᠠᠭ᠎ᠠ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ ᠪᠠ ᠡᠵᠡᠮᠳᠡᠬᠦ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠯᠡ ᠲᠣᠳᠣ ᠬᠡᠮᠵᠢᠶ᠎ᠡ ᠪᠠ ᠨᠡᠶᠢᠲᠡ ᠳᠤ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠠᠵᠢᠯᠯᠠᠭ᠎ᠠ ᠳᠤ ᠣᠷᠣᠯᠴᠠᠭᠰᠠᠨ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠪᠣᠯᠤᠨ ᠠᠵᠢᠯᠲᠠᠳ ᠢᠯᠡᠷᠬᠡᠶᠢᠯᠡᠬᠦ ᠳᠡᠭᠡᠨ᠂ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠪᠡᠶ᠎ᠡ ᠪᠠᠷ ᠢᠶᠠᠨ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠬᠢᠯᠪᠠᠷ ᠪᠤᠰᠤ ᠪᠠ ᠬᠡᠷᠡᠭᠴᠡᠭᠡ ᠱᠠᠭᠠᠷᠳᠠᠯᠭ᠎ᠠ ᠶᠢ ᠨᠠᠩ ᠭᠦᠨᠵᠡᠭᠡᠶ ᠣᠶᠢᠯᠠᠭᠠᠭᠰᠠᠨ ᠪᠥᠭᠡᠳ ᠦᠢᠯᠡᠴᠢᠯᠡᠭᠡ ᠶᠢ ᠰᠢᠯᠢᠳᠡᠭᠵᠢᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠡᠷᠡᠰ ᠵᠣᠷᠢᠭ ᠪᠠ ᠢᠲᠡᠭᠡᠯ ᠵᠣᠷᠢᠭ ᠢ ᠨᠠᠩ ᠪᠠᠲᠤᠳᠬᠠᠵᠠᠶ᠃     ᠬᠠᠶᠢᠷᠤᠪ ᠤᠨ ᠲᠤᠬᠤᠢ ᠲᠣᠭᠤᠷᠢᠭ ︽ᠪᠢ ᠤᠯᠠᠨ ᠲᠦᠮᠡᠨ ᠳᠤ ᠪᠠᠷ᠎ᠠ ᠪᠤᠯᠵᠤ ᠶᠠᠪᠤᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠡᠭᠦᠨ ᠢ ᠪᠠᠶᠢᠩᠭᠤ ᠶᠢᠨ ᠠᠵᠢᠯ ᠤᠨ ᠲᠣᠭᠲᠠᠴᠠ ᠪᠣᠯᠭᠠᠨ ᠠᠬᠢᠭᠤᠯᠵᠤ᠂ ᠪᠠᠰᠠ ᠡᠯ᠎ᠡ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠬᠠᠮᠲᠤ ᠪᠠᠷ ᠠᠬᠢᠭᠤᠯᠵᠤ᠂ ᠤᠯᠠᠨ ᠲᠦᠮᠡᠨ ᠳᠤ ᠨᠡᠩ ᠳᠥᠭᠦᠮ ᠳᠥᠲᠡ᠂ ᠴᠢᠨᠠᠷ ᠰᠠᠶᠢᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号