ᠬᠠᠶᠢᠷᠤᠪ ᠤᠨ ᠲᠤᠬᠤᠢ᠂ ︽ᠭᠠᠯ ᠤᠨᠲᠠᠷᠠᠭᠠᠬᠤ︾᠎ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠪᠠ
ᠨᠡᠶᠢᠲᠡᠯᠡᠭᠰᠡᠨ ᠴᠠᠭ᠄
2025/4/15
    ᠬᠡᠤᠬᠡᠳ ᠤᠨ ᠴᠡᠴᠡᠷᠯᠢᠭ ᠤᠨ ᠪᠠᠭᠰᠢ ᠠᠵᠢᠯᠲᠠᠨ ᠠᠵᠢᠯᠴᠢᠨ ᠪᠣᠯᠤᠨ ᠬᠡᠤᠬᠡᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠬᠠᠶᠢᠷᠤᠪ ᠤᠨ ᠲᠣᠬᠤᠶ ᠲᠣᠭᠤᠷᠢᠭ ᠤᠨ ᠠᠷᠪᠠᠳᠤᠭᠠᠷ ᠬᠡᠤᠬᠡᠳ ᠤᠨ ᠴᠡᠴᠡᠷᠯᠢᠭ ᠲᠤ ᠣᠷᠣᠵᠤ ᠭᠠᠯ ᠤᠨᠲᠠᠷᠠᠭᠠᠬᠤ ᠤᠬᠠᠭᠤᠯᠭ᠎ᠠ ᠪᠣᠯᠪᠠᠰᠤᠷᠠᠭᠤᠯᠤᠯ ᠥᠷᠨᠢᠭᠦᠯᠵᠦ᠂ ᠲᠣᠰ ᠴᠡᠴᠡᠷᠯᠢᠭ ᠤᠨ ᠪᠠᠭᠰᠢ ᠰᠤᠷᠤᠭᠴᠢᠳ ᠲᠤ ᠭᠠᠯ ᠤᠨᠲᠠᠷᠠᠭᠠᠬᠤ ᠰᠠᠭᠤᠷᠢ ᠮᠡᠳᠡᠯᠭᠡ ᠶᠢ ᠲᠠᠶᠢᠯᠪᠤᠷᠢᠯᠠᠨ ᠥᠭᠴᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠭᠠᠯ ᠰᠡᠷᠭᠡᠶᠢᠯᠡᠬᠦ ᠬᠡᠷᠡᠮ︾᠎ ᠢ ᠤᠯᠠᠮ ᠨᠢᠭᠡ ᠠᠯᠬᠤᠮ ᠪᠠᠬᠢᠵᠢᠭᠦᠯᠪᠡ᠃
640 (1).jpg
       ᠪᠣᠯᠪᠠᠰᠤᠷᠠᠯ ᠤᠨ ᠳᠤᠮᠳᠠ᠂ ᠶᠡᠭᠡ ᠠᠩᠭᠢ ᠶᠢᠨ ᠤᠬᠠᠭᠤᠯᠬᠤ ᠬᠥᠮᠦᠰ ᠡᠩ ᠲᠡᠷᠢᠭᠦᠨ ᠳᠤ ᠳᠥᠭᠦᠮ ᠣᠶᠢᠯᠠᠭᠠᠮᠵᠢᠲᠠᠶ᠂ ᠡᠷᠡᠭᠦᠯ ᠰᠠᠷᠠᠭᠤᠯ ᠦᠭᠡ ᠥᠭᠦᠯᠡᠪᠦᠷᠢ ᠶᠢ ᠬᠡᠷᠡᠭᠯᠡᠵᠦ᠂ ᠭᠠᠯ ᠤᠨᠲᠠᠷᠠᠭᠠᠬᠤ ᠪᠠ ᠠᠮᠢᠳᠤᠷᠠᠯ ᠤᠨ ᠨᠢᠭᠲᠠ ᠬᠤᠯᠪᠣᠭ᠎ᠠ ᠲᠠᠢ ᠪᠠᠶᠢᠬᠤ ᠪᠠᠷ ᠭᠠᠷᠳᠠᠬᠤ ᠴᠡᠭ ᠪᠣᠯᠭᠠᠵᠤ᠂ ᠬᠠᠷᠢᠯᠴᠠᠨ ᠠᠰᠠᠭᠤᠵᠤ ᠬᠠᠷᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠭᠠᠯ ᠤᠨ ᠠᠶᠤᠯ ᠡᠭᠦᠰᠬᠦ ᠶᠢ ᠬᠡᠷᠬᠢᠨ ᠰᠡᠷᠭᠡᠶᠢᠯᠡᠬᠦ᠂ ᠭᠠᠯ ᠤᠨ ᠠᠶᠤᠯ ᠭᠠᠷᠤᠭᠰᠠᠨ ᠤ ᠳᠠᠷᠠᠭ᠎ᠠ ᠬᠡᠷᠬᠢᠨ ᠰᠢᠢᠳᠪᠦᠷᠢᠯᠡᠬᠦ᠂ ᠬᠡᠷᠬᠢᠨ ᠲᠦᠭᠰᠢᠭᠦᠷᠢ ᠮᠡᠳᠡᠭᠦᠯᠬᠦ᠂ ᠭᠠᠯ ᠲᠦᠢᠮᠡᠷ ᠤᠨ ᠲᠠᠯᠠᠪᠤᠷ ᠠᠴᠠ ᠠᠮᠢ ᠵᠢᠭᠤᠲᠠᠬᠤ ᠵᠡᠷᠭᠡ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠭᠰᠠᠨ ᠪᠠᠶᠢᠨ᠎ᠠ᠃ ᠬᠠᠮᠤᠭ ᠤᠨ ᠰᠡᠭᠦᠯ ᠳᠤ᠂ ᠭᠠᠯ ᠤᠨᠲᠠᠷᠠᠭᠠᠬᠤ ᠲᠠᠷᠬᠠᠭᠠᠯᠲᠠ ᠶᠢᠨ ᠰᠣᠷᠢᠯᠲᠠ ᠶᠢ ᠥᠷᠨᠢᠭᠦᠯᠵᠦ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠠᠮᠢ ᠵᠢᠭᠤᠲᠠᠬᠤ ᠵᠠᠮ ᠱᠤᠭᠤᠮ ᠢ ᠣᠶᠢᠯᠠᠭᠠᠭᠤᠯᠵᠤ᠂ ᠭᠠᠯ ᠤᠨ ᠲᠦᠭᠰᠢᠭᠦᠷᠢ ᠪᠤᠶᠤ ᠪᠤᠰᠤᠳ ᠰᠠᠨᠠᠭᠠᠨ ᠳᠤ ᠥᠬᠡᠶ ᠪᠠᠶᠢᠳᠠᠯ ᠡᠭᠦᠰᠬᠦ ᠦᠶ᠎ᠡ ᠳᠤ᠂ ᠡᠮᠬᠢ ᠵᠢᠷᠤᠮ ᠲᠠᠢ᠂ ᠲᠦᠷᠭᠡᠨ ᠬᠥᠲᠥᠯᠦᠨ ᠵᠢᠯᠣᠭᠤᠳᠴᠤ ᠪᠠᠶᠢᠭᠠᠳ ᠰᠤᠷᠤᠭᠴᠢᠳ ᠢ ᠠᠮᠤᠷ ᠲᠦᠪᠰᠢᠨ ᠢᠶᠠᠷ ᠲᠠᠷᠬᠠᠭᠠᠵᠤ᠂ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠵᠣᠷᠢᠯᠭ᠎ᠠ ᠳᠤ ᠭᠦᠷᠦᠭᠰᠡᠨ ᠪᠠᠶᠢᠨ᠎ᠠ᠃
640 (2).jpg   
    ᠲᠣᠰ ᠤᠳᠠᠭᠠᠨ ᠤ ᠭᠠᠯ ᠤᠨᠲᠠᠷᠠᠭᠠᠬᠤ ᠪᠣᠯᠪᠠᠰᠤᠷᠠᠭᠤᠯᠤᠯ ᠤᠨ ᠠᠵᠢᠯᠯᠠᠭ᠎ᠠ ᠨᠢ ᠬᠡᠤᠬᠡᠳ ᠤᠨ ᠴᠡᠴᠡᠷᠯᠢᠭ ᠤᠨ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠴᠢᠩᠭᠠᠳᠬᠠᠵᠤ᠂ ᠬᠡᠤᠬᠡᠳ ᠤᠳ ᠲᠤ ᠭᠠᠯ ᠤᠨᠲᠠᠷᠠᠭᠠᠬᠤ᠂ ᠭᠠᠯ ᠤᠨᠲᠠᠷᠠᠭᠠᠬᠤ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠮᠡᠳᠡᠯᠭᠡ ᠶᠢᠨ ᠤᠯᠠᠮᠵᠢᠯᠠᠭᠴᠢ ᠪᠣᠯᠭᠠᠵᠤ᠂ ︽ᠨᠢᠭᠡ ᠬᠡᠤᠬᠡᠳ ᠢ ᠬᠥᠮᠦᠵᠢᠭᠦᠯᠵᠦ᠂ ᠨᠢᠭᠡ ᠬᠡᠷ ᠪᠦᠯᠢ ᠶᠢ ᠨᠥᠯᠥᠭᠡᠯᠡᠵᠦ᠂ ᠪᠦᠬᠦ᠋ᠢᠯᠡ ᠨᠡᠶᠢᠭᠡᠮ ᠢ ᠳᠠᠶᠢᠴᠢᠯᠠᠬᠤ︾ ᠤᠬᠠᠭᠤᠯᠭ᠎ᠠ ᠶᠢᠨ ᠦᠷ᠎ᠡ ᠪᠦᠲᠦᠮᠵᠢ ᠳᠤ ᠬᠦᠷᠦᠭᠦᠯᠦᠨ᠎ᠡ᠃
640 (3).jpg
    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号