ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠪᠡ
ᠨᠡᠶᠢᠲᠡᠯᠡᠭᠰᠡᠨ ᠴᠠᠭ᠄
2025/4/15
    ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠤᠶᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠬᠤ᠂ ᠤᠶᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ 
640.jpg   
    ᠬᠠᠶᠢᠷᠤᠪ ᠤᠨ ᠲᠣᠬᠤᠢ ᠲᠣᠭᠤᠷᠢᠭ ᠨᠢ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠡᠷᠬᠢᠯᠡᠬᠦ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠲᠤᠯᠬᠤ᠂ ᠴᠡᠴᠡᠷᠯᠢᠭ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠰᠣᠯᠢᠵᠤ ᠣᠯᠭᠤᠬᠤ᠂ ᠬᠠᠤᠯᠢ ᠶᠢᠨ ᠡᠷᠬᠡᠲᠡᠨ ᠤ ᠮᠡᠳᠡᠭᠡ ᠵᠠᠩᠭᠢ ᠶᠢ ᠬᠤᠪᠢᠷᠠᠭᠤᠯᠬᠤ ᠵᠡᠷᠭᠡ ᠪᠠᠶᠢᠳᠠᠯ ᠳᠤ ᠴᠢᠭᠯᠡᠭᠦᠯᠦᠨ᠂ ᠡᠯ᠎ᠡ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠭᠤᠷᠪᠠᠨ ᠰᠠᠷ᠎ᠠ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠭᠡᠵᠦ ᠱᠠᠭᠠᠷᠳᠠᠪᠠ᠃ ᠲᠣᠭᠲᠠᠭᠠᠯ ᠶᠣᠰᠣᠭᠠᠷ᠂ ᠬᠢᠨᠠᠨ ᠵᠥᠪᠰᠢᠶᠡᠷᠡᠬᠦ ᠪᠠᠶᠢᠭᠤᠯᠭ᠎ᠠ ᠭᠥᠯᠢᠶᠡᠨ ᠠᠪᠴᠤ ᠰᠢᠢᠤᠡᠪᠤᠷᠢᠯᠡᠬᠦ ᠡᠳᠦᠷ ᠠᠴᠠ ᠡᠬᠢᠯᠡᠨ 90 ᠠᠵᠢᠯᠯᠠᠬᠤ ᠡᠳᠦᠷ ᠤᠨ ᠳᠣᠲᠣᠷ᠎ᠠ ᠭᠥᠯᠢᠶᠡᠨ ᠠᠪᠴᠤ ᠰᠢᠢᠤᠡᠪᠤᠷᠢᠯᠡᠬᠦ ᠬᠢᠨᠠᠨ ᠵᠥᠪᠰᠢᠶᠡᠷᠡᠯ ᠢ ᠪᠡᠶᠡᠯᠡᠭᠦᠯᠵᠦ᠂ ᠪᠣᠳᠠᠲᠠᠶ ᠠᠵᠢᠯ ᠤᠨ ᠳᠤᠮᠳᠠ᠂ ᠭᠥᠯᠢᠶᠡᠨ ᠠᠪᠴᠤ ᠰᠢᠢᠤᠡᠪᠤᠷᠢᠯᠡᠬᠦ᠂ ᠴᠠᠭᠠᠰᠤᠨ ᠬᠡᠪᠯᠡᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠳᠠᠬᠢᠨ ᠬᠢᠨᠠᠵᠤ ᠰᠢᠯᠭᠠᠨ ᠠᠪᠬᠤ᠂ ᠬᠢᠨᠠᠨ ᠵᠥᠪᠰᠢᠶᠡᠷᠡᠬᠦ ᠠᠴᠠ ᠭᠦᠢᠴᠡᠤᠡᠭᠡᠵᠤ ᠳᠠᠭᠤᠰᠬᠠᠬᠤ ︵ᠬᠢᠨᠠᠨ ᠵᠥᠪᠰᠢᠶᠡᠷᠡᠭᠴᠢ ᠦᠷ᠎ᠡ ᠳ᠋ᠦᠩ︶ ᠬᠦᠷᠲᠡᠯ᠎ᠡ᠂ ᠵᠥᠪᠬᠡᠨ 30 ᠠᠵᠢᠯᠯᠠᠬᠤ ᠡᠳᠦᠷ ᠬᠡᠷᠡᠭᠰᠡᠪᠡᠯ ᠳᠠᠷᠤᠢ ᠪᠦᠬᠦ ᠶᠠᠪᠤᠴᠠ ᠶᠢ ᠪᠡᠶᠡᠯᠡᠭᠦᠯᠬᠦ ᠶᠢᠨ ᠬᠠᠮᠲᠤ 7 ᠠᠵᠢᠯᠯᠠᠬᠤ ᠡᠳᠦᠷ ᠤᠨ ᠳᠣᠲᠣᠷ᠎ᠠ ︽ᠠᠷᠪᠠ ᠶᠢ ᠢᠯᠡ ᠨᠡᠶᠢᠲᠡᠯᠡᠬᠦ︾ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠬᠤ ᠶᠢ ᠪᠡᠶᠡᠯᠡᠭᠦᠯᠦᠨ᠎ᠡ᠃    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ︽ᠨᠢᠭᠡ ᠥᠷᠲᠡᠭᠡᠨ ᠤ ᠮᠠᠶ᠋ᠢᠭ︾᠎ ᠤᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠬᠡᠷᠡᠭᠵᠢᠭᠦᠯᠵᠦ᠂ ᠥᠩᠭᠡᠷᠡᠭᠰᠡᠨ ᠤ ᠣᠯᠠᠨ ᠰᠠᠯᠠᠭ᠎ᠠ ᠲᠠᠰᠤᠭ ᠲᠤ ᠲᠠᠷᠬᠠᠵᠤ ᠪᠠᠶᠢᠭᠰᠠᠨ ᠬᠢᠨᠠᠨ ᠵᠥᠪᠰᠢᠶᠡᠷᠡᠬᠦ ᠵᠦᠢᠯᠡᠰ ᠢ ᠨᠢᠭᠡ ᠴᠣᠩᠬᠤᠪᠴᠢ ᠳᠤ ᠡᠮᠬᠢᠯᠡᠨ ᠨᠡᠶᠢᠯᠡᠭᠦᠯᠵᠦ ᠭᠦᠢᠴᠡᠳᠬᠡᠵᠦ᠂ ᠠᠵᠤ ᠠᠬᠤᠶᠢᠯᠠᠯ ᠤᠨ ᠬᠢᠨ ᠵᠥᠪᠬᠡᠨ ᠨᠢᠭᠡ ᠯᠡ ᠤᠳᠠᠭ᠎ᠠ ᠳᠤ ᠭᠤᠶᠤᠴᠢᠯᠠᠬᠤ ᠬᠡᠷᠡᠭᠲᠡᠶ᠂ ᠲᠤᠬᠠᠶᠢᠯᠠᠪᠠᠯ ᠪᠠᠷᠢᠯᠭ᠎ᠠ ᠪᠠᠷᠢᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠪᠦᠬᠦ ᠶᠠᠪᠤᠴᠠ ᠶᠢ ᠪᠡᠶᠡᠯᠡᠭᠦᠯᠵᠦ ᠪᠣᠯᠤᠨ᠎ᠠ᠃ ᠡᠭᠦᠨ ᠤ ᠬᠠᠮᠲᠤ᠂ ᠬᠢᠨᠠᠨ ᠵᠥᠪᠰᠢᠶᠡᠷᠡᠵᠦ ᠭᠦᠢᠴᠡᠤᠡᠭᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ ᠨᠠᠩ ᠣᠯᠠᠨ ᠲᠥᠷᠥᠯ ᠵᠤᠶᠢᠯ ᠢ ᠭᠠᠷ ᠤᠲᠠᠰᠤᠨ ᠤ ︽ᠮᠥᠩᠬᠡ ᠰᠤᠪᠠᠭ︾ APP᠎ ᠪᠠᠷ ᠳᠠᠮᠵᠢᠭᠤᠯᠤᠨ ︽ᠠᠯᠠᠭᠠᠨ ᠳᠡᠭᠡᠷ᠎ᠡ ᠭᠦᠢᠴᠡᠤᠡᠭᠡᠬᠦ︾ ︽ᠬᠤᠷᠤᠭᠤᠨ ᠦᠵᠦᠭᠦᠷ ᠢᠶᠠᠷ ᠭᠦᠢᠴᠡᠤᠡᠭᠡᠬᠦ︾᠎ ᠶᠢ ᠪᠡᠶᠡᠯᠡᠭᠦᠯᠪᠡ︔ ᠭᠠᠷᠳᠠᠮ ᠭᠦᠢᠴᠡᠤᠡᠭᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠵᠤ᠂ ︽ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠭᠤᠯᠬᠤ︾᠎ ᠶᠢ ᠤᠤᠯ ᠤᠨ 12 ᠠᠵᠢᠯᠯᠠᠬᠤ ᠡᠳᠦᠷ ᠪᠠᠶᠢᠭᠰᠠᠨ ᠠᠴᠠ ᠨᠢ 7 ᠠᠵᠢᠯᠯᠠᠬᠤ ᠡᠳᠦᠷ ᠪᠣᠯᠭᠠᠨ ᠪᠠᠭᠠᠰᠬᠠᠵᠤ᠂ ︽ᠪᠠᠷᠢᠯᠭ᠎ᠠ ᠪᠠᠷᠢᠬᠤ ᠶᠢ ᠵᠥᠪᠰᠢᠶᠡᠷᠡᠬᠦ︾᠎ ᠶᠢ ᠤᠤᠯ ᠤᠨ 7 ᠠᠵᠢᠯᠯᠠᠬᠤ ᠡᠳᠦᠷ ᠪᠠᠶᠢᠭᠰᠠᠨ ᠠᠴᠠ ᠨᠢ 5 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠠᠵᠢᠯ ᠶᠠᠪᠤᠳᠠᠯ ᠭᠦᠢᠴᠡᠤᠡᠭᠡᠬᠦ ᠣᠯᠠᠨ ᠲᠦᠮᠡᠨ ᠢ ᠦᠬᠠᠶ ᠬᠤᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠲᠠᠪᠴᠠᠩ ᠠᠴᠠ ᠪᠤᠰᠤᠳ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠰᠢᠯᠭᠠᠨ ᠠᠪᠴᠤ ᠳᠠᠩᠰᠠᠯᠠᠬᠤ᠂ ᠣᠨᠴᠠᠭᠠᠶ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠰᠢᠯᠭᠠᠨ ᠠᠪᠴᠤ ᠳᠠᠩᠰᠠᠯᠠᠬᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠤᠤᠯ ᠤᠨ 15 ᠠᠵᠢᠯᠯᠠᠬᠤ ᠡᠳᠦᠷ ᠪᠠᠶᠢᠭᠰᠠᠨ ᠠᠴᠠ 7 ᠠᠵᠢᠯᠯᠠᠬᠤ ᠡᠳᠦᠷ ᠪᠣᠯᠭᠠᠨ ᠪᠠᠭᠠᠰᠬᠠᠪᠠ᠃     ᠳᠣᠲᠣᠭᠠᠳᠤ ᠶᠢ ᠬᠠᠮᠠᠭᠠᠯᠠᠬᠤ ᠬᠦᠷᠢᠶᠡᠨ ᠳᠤ ᠠᠷᠠᠳ ᠲᠤ ᠲᠥᠬᠦᠮ ᠦᠵᠡᠭᠦᠯᠬᠦ 25 ᠵᠤᠶᠢᠯ ᠤᠨ ᠠᠷᠭ᠎ᠠ ᠬᠡᠮᠵᠢᠶ᠎ᠡ ᠭᠠᠷᠭᠠᠵᠤ᠂ ᠠᠵᠢᠯ ᠶᠠᠪᠤᠳᠠᠯ ᠭᠦᠢᠴᠡᠤᠡᠭᠡᠬᠦ ᠴᠢᠬᠤᠯᠠ ᠨᠥᠬᠦᠴᠡᠯ ᠢ ᠳᠥᠭᠦᠮᠴᠢᠯᠡᠵᠦ᠂ ᠭᠦᠢᠴᠡᠤᠡᠭᠡᠬᠦ ᠴᠠᠭ ᠤᠨ ᠬᠢᠵᠠᠭᠠᠷ ᠢ ᠪᠣᠭᠤᠨᠢᠰᠬᠠᠪᠠ᠃ ᠪᠡᠶ᠎ᠡ ᠶᠢᠨ ᠦᠨᠡᠮᠯᠡᠯ ᠢ ᠬᠢᠨᠠᠨ ᠤᠯᠭᠤᠬᠤ ᠳᠤ ᠬᠠᠤᠯᠢ ᠪᠠᠷ ᠲᠣᠭᠲᠠᠭᠠᠭᠰᠠᠨ ᠠᠵᠢᠯᠯᠠᠬᠤ ᠴᠠᠭ ᠢ 60 - 90 ᠠᠵᠢᠯᠯᠠᠬᠤ ᠡᠳᠦᠷ ᠠᠴᠠ 25 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ︔ ᠣᠷᠣᠰᠢᠨ ᠰᠠᠭᠤᠬᠤ ᠦᠨᠡᠮᠯᠡᠯ ᠢ ᠬᠢᠨᠠᠨ ᠤᠯᠭᠤᠬᠤ ᠳᠤ ᠬᠠᠤᠯᠢ ᠪᠠᠷ ᠲᠣᠭᠲᠠᠭᠠᠭᠰᠠᠨ ᠴᠢᠬᠤᠯᠠ ᠨᠥᠬᠦᠴᠡᠯ ᠢ ᠨᠡᠶᠢᠲᠡ 20 ᠭᠠᠷᠤᠶ ᠵᠤᠶᠢᠯ ᠪᠠᠶᠢᠭᠰᠠᠨ ᠠᠴᠠ 16 ᠵᠤᠶᠢᠯ ᠪᠣᠯᠭᠠᠨ ᠪᠠᠭᠠᠰᠬᠠᠵᠤ᠂ ᠬᠠᠤᠯᠢ ᠪᠠᠷ ᠲᠣᠭᠲᠠᠭᠠᠭᠰᠠᠨ ᠠᠵᠢᠯᠯᠠᠬᠤ ᠴᠠᠭ ᠢ ᠨᠡᠶᠢᠲᠡ 8 ᠠᠵᠢᠯᠯᠠᠬᠤ ᠡᠳᠦᠷ ᠠᠴᠠ 5 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠲᠠᠯᠠᠪᠤᠷ ᠪᠠ ᠠᠯᠲᠠᠨ ᠬᠥᠮᠥᠷᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠬᠢᠨᠠᠨ ᠵᠥᠪᠰᠢᠶᠡᠷᠡᠬᠦ ᠵᠢᠴᠢ ᠢᠨᠵᠧᠨᠧᠷᠢᠩ ᠢ ᠰᠢᠯᠭᠠᠨ ᠠᠪᠬᠤ ᠶᠢ 20᠎ ᠤ ᠡᠳᠦᠷ ᠠᠴᠠ 15 ᠡᠳᠦᠷ ᠪᠣᠯᠭᠠᠨ ᠪᠣᠭᠤᠨᠢᠰᠬᠠᠪᠠ︔ ᠠᠮᠤᠷ ᠢ ᠬᠠᠮᠠᠭᠠᠯᠠᠬᠤ ᠤᠶᠢᠯᠡᠴᠢᠯᠡᠭᠡᠨ ᠤ ᠺᠣᠮᠫᠠᠨᠢ᠂ ᠠᠮᠤᠷ ᠢ ᠬᠠᠮᠠᠭᠠᠯᠠᠬᠤ ᠪᠣᠯᠪᠠᠰᠤᠷᠠᠭᠤᠯᠤᠯ ᠤᠨ ᠨᠢᠭᠡᠴᠡ ᠶᠢᠨ ᠪᠠᠶᠢᠭᠤᠯᠬᠤ ᠵᠥᠪᠰᠢᠶᠡᠷᠡᠯ ᠭᠦᠢᠴᠡᠳᠭᠡᠬᠦ ᠴᠠᠭ ᠤᠨ ᠬᠢᠵᠠᠭᠠᠷ ᠢ 30 ᠠᠵᠢᠯᠯᠠᠬᠤ ᠡᠳᠦᠷ ᠪᠠᠶᠢᠭᠰᠠᠨ ᠠᠴᠠ 20 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃      ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠬᠦ ᠪᠣᠯ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠠᠵᠤ ᠠᠬᠤᠶᠢᠯᠠᠯ ᠪᠠ ᠬᠤᠪᠢ ᠬᠥᠮᠦᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡᠨ ᠤ ᠣᠶᠢᠯᠠᠭᠠᠯᠲᠠ ᠬᠠᠩᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠠᠬᠢᠭᠤᠯᠵᠤ ᠴᠢᠳᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号