ᠣᠶᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠦ ᠯᠢ ᠬᠤᠸᠠ ᠪᠦᠯᠬᠦᠮ ᠳᠠᠭᠠᠭᠤᠯᠤᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠪᠡ᠃ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ | ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ᠂ ᠸᠧᠨ ᠰᠢᠨ ᠨᠠᠰᠤᠲᠠᠶᠢᠴᠤᠳ ᠤᠨ | ᠨᠡᠶᠢᠲᠡ ᠶᠢᠨ ᠪᠠᠶᠢᠷᠢ ᠶᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ ᠡᠵᠡᠩᠨᠡᠯᠲᠡ ᠪᠠ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠡᠯ᠎ᠡ ᠰᠠᠯᠠᠭ᠎ᠠ | ᠮᠥᠴᠢᠷ ᠤᠨ ᠬᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠠᠭᠤᠷᠢ ᠲᠤᠭ᠎ᠠ ᠶᠢ ᠪᠥᠬᠦ ᠲᠠᠯ᠎ᠠ ᠪᠠᠷ | ᠲᠣᠳᠣᠷᠬᠠᠶ ᠣᠶᠢᠯᠠᠭᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠬᠠᠮᠵᠢᠨ ᠠᠮᠤᠷ ᠲᠦᠪᠰᠢᠨ ᠪᠠ ᠭᠠᠯ | ᠤᠨᠲᠠᠷᠠᠭᠠᠬᠤ ᠪᠡᠯᠡᠳᠬᠡᠮᠵᠢ ᠶᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ᠡᠭᠦᠨ ᠤ ᠬᠠᠮᠲᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ | ᠨᠠᠩ ᠪᠦᠷᠢᠨ ᠲᠡᠭᠦᠯᠳᠡᠷ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠡᠳᠦᠷ | ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ ᠪᠠ ᠤᠬᠠᠭᠤᠯᠭ᠎ᠠ ᠰᠣᠷᠢᠯᠲᠠ ᠶᠢᠨ ᠠᠵᠢᠯ ᠢ ᠴᠢᠩᠭᠠᠷᠠᠭᠤᠯᠤᠨ᠂ | ᠠᠵᠢᠯᠲᠠᠨ ᠠᠵᠢᠯᠴᠢᠨ ᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠪᠠᠴᠢᠮ ᠪᠠᠶᠢᠳᠠᠯ ᠳᠣᠤᠷ᠎ᠠ | ᠨᠠᠰᠤᠲᠠᠶᠢᠴᠤᠳ ᠢ ᠲᠠᠷᠬᠠᠭᠠᠬᠤ ᠪᠡᠯᠡᠳᠬᠡᠯ ᠲᠥᠰᠦᠯ ᠢ ᠲᠣᠳᠣᠷᠬᠠᠶᠢᠯᠠᠵᠤ᠂ ᠠᠶᠤᠯ ᠠᠴᠠ ᠵᠠᠶᠢᠯᠠᠬᠤ ᠲᠠᠯᠠᠪᠤᠷ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠰᠤᠲᠠᠶᠢᠴᠤᠳ ᠤᠨ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃ | |