ᠬᠠᠶᠢᠷᠤᠪ ᠤᠨ ᠲᠤᠬᠤᠢ ᠲᠣᠭᠤᠷᠢᠭ ᠠᠵᠢᠯ ᠣᠯᠭᠤᠯᠲᠠ ᠶᠢᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/4/17
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠲᠣᠭᠤᠷᠢᠭ ᠬᠤᠶᠠᠷ ᠱᠠᠲᠤᠨ ᠤ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠥᠪ᠂ ᠬᠠᠶᠢᠷᠤᠪ ᠤᠨ ᠲᠣᠬᠤᠢ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠵᠡᠷᠭᠡ ᠲᠠᠢ ᠬᠠᠮᠲᠤᠷᠠᠨ ᠡᠷᠬᠢᠯᠡᠭᠰᠡᠨ ᠬᠠᠪᠤᠷ ᠤᠨ ᠤᠯᠠᠷᠢᠯ ᠤᠨ ᠭᠤᠤᠯ ᠰᠡᠳᠦᠪᠲᠦ ᠠᠵᠢᠯᠲᠠᠨ ᠡᠯᠰᠡᠬᠦ ᠬᠤᠷᠠᠯ ᠢ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠴᠡᠴᠡᠷᠯᠢᠭ ᠤᠨ ᠬᠤᠶᠢᠲᠤ ᠡᠭᠦᠳᠡᠨ ᠳᠤ ᠶᠡᠬᠡᠪᠡᠷ ᠡᠬᠢᠯᠡᠭᠦᠯᠪᠡ᠃ 
640.jpg   
    ᠲᠤᠰ ᠤᠳᠠᠭᠠᠨ ᠤ ᠤᠷᠢᠵᠤ ᠡᠯᠰᠡᠬᠦ ᠴᠤᠭᠯᠠᠭᠠᠨ ᠳᠤ ᠠᠳᠠᠯᠢ ᠪᠤᠰᠤ ᠠᠵᠢᠯ ᠲᠥᠷᠥᠯ ᠠᠴᠠ ᠢᠷᠡᠭᠰᠡᠨ 27 ᠰᠢᠯᠢᠳᠡᠭ ᠠᠵᠤ ᠠᠬᠤᠶᠢᠯᠠᠯ ᠣᠷᠣᠯᠴᠠᠵᠤ᠂ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠴᠠᠬᠢᠯᠭᠠᠨ ᠬᠦᠴᠦᠨ᠂ ᠰᠢᠨ᠎ᠡ ᠡᠨᠧᠷᠭᠢ᠂ ᠠᠮᠠᠨ ᠬᠥᠨᠳᠡᠶ ᠵᠡᠷᠭᠡ ᠬᠦᠷᠢᠶ᠎ᠡ ᠶᠢ ᠬᠠᠮᠤᠷᠴᠤ᠂ ᠠᠵᠢᠯᠯᠠᠬᠤ ᠠᠵᠢᠯᠴᠢᠨ᠂ ᠲᠣᠭᠤᠷᠢᠨ ᠪᠠᠶᠢᠴᠠᠭᠠᠭᠴᠢ᠂ ᠡᠵᠡᠩᠨᠡᠨ ᠪᠣᠷᠣᠯᠠᠭᠤᠯᠤᠭᠴᠢ᠂ ᠠᠮᠤᠷ ᠲᠦᠪᠰᠢᠨ ᠤ ᠠᠵᠢᠯᠲᠠᠨ᠂ ᠲᠤᠭ᠎ᠠ ᠪᠦᠷᠢᠳᠬᠡᠭᠴᠢ᠂ ᠪᠢᠴᠢᠭ ᠤᠨ ᠠᠵᠢᠯᠲᠠᠨ᠂ ᠰᠤᠪᠢᠯᠠᠭᠴᠢ ᠵᠡᠷᠭᠡ ᠣᠯᠠᠨ ᠲᠥᠷᠥᠯ ᠤᠨ ᠠᠵᠢᠯ ᠤᠨ ᠪᠠᠶᠢᠷᠢ ᠶᠢ 505 ᠬᠠᠩᠭᠠᠵᠤ᠂ ᠠᠳᠠᠯᠢ ᠪᠤᠰᠤ ᠲᠤᠰᠬᠠᠶ ᠮᠡᠷᠭᠡᠵᠢᠯ᠂ ᠠᠳᠠᠯᠢ ᠪᠤᠰᠤ ᠤᠷ᠎ᠠ ᠴᠢᠳᠠᠪᠤᠷᠢ ᠶᠢᠨ ᠬᠢᠷᠢ ᠲᠦᠪᠰᠢᠨ ᠤ ᠠᠵᠢᠯ ᠡᠷᠢᠭᠰᠡᠳ ᠤᠨ ᠬᠡᠷᠡᠭᠴᠡᠭᠡ ᠶᠢ  ᠭᠦᠢᠴᠡᠤᠡ ᠬᠠᠩᠭᠠᠪᠠ᠃
640 (1).jpg   
   ᠮᠠᠰᠢ ᠣᠯᠠᠨ ᠠᠵᠢᠯ ᠡᠷᠢᠭᠰᠡᠳ ᠠᠵᠢᠯ ᠤᠨ ᠪᠠᠶᠢᠷᠢ ᠶᠢᠨ ᠱᠠᠭᠠᠷᠳᠠᠯᠭ᠎ᠠ᠂ ᠴᠠᠯᠢᠩ ᠬᠥᠯᠥᠰᠥ ᠶᠢᠨ ᠬᠠᠷᠠᠭᠠᠯᠵᠠᠯ ᠵᠡᠷᠭᠡ ᠶᠢ ᠯᠠᠪᠯᠠᠨ ᠠᠰᠠᠭᠤᠵᠤ᠂ ᠠᠵᠢᠯᠲᠠᠳ ᠬᠠᠯᠠᠭᠤᠮᠰᠤᠭ ᠢᠶᠠᠷ ᠠᠵᠢᠯ ᠡᠷᠢᠭᠰᠡᠳ ᠪᠠ ᠠᠵᠤ ᠠᠬᠤᠶᠢᠯᠠᠯ ᠳᠤ ᠬᠥᠲᠥᠯᠥᠨ ᠵᠢᠯᠣᠭᠤᠳᠬᠤ᠂ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠶ ᠲᠡᠭᠦᠰᠦᠭᠰᠡᠳ᠂ ᠬᠤᠲᠠ ᠪᠠᠯᠭᠠᠰᠤᠨ ᠤ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠭᠤᠤᠯᠳᠠᠯᠭ᠎ᠠ ᠲᠠᠢ ᠬᠥᠮᠦᠰ ᠵᠢᠴᠢ ᠠᠵᠢᠯ ᠡᠷᠢᠬᠦ ᠱᠠᠭᠠᠷᠳᠠᠯᠭ᠎ᠠ ᠲᠠᠢ ᠪᠤᠰᠤᠳ ᠡᠯ᠎ᠡ ᠲᠥᠷᠥᠯ ᠤᠨ ᠬᠥᠮᠦᠰ ᠤᠨ ᠠᠵᠢᠯ ᠤᠨ ᠪᠠᠶᠢᠷᠢ ᠤᠯᠬᠤ ᠶᠢ ᠳᠡᠮᠵᠢᠪᠡ᠃
640 (2).jpg   
    ᠬᠠᠶᠢᠷᠤᠪ ᠤᠨ ᠲᠤᠬᠤᠢ ᠲᠣᠭᠤᠷᠢᠭ ᠦᠷᠭᠦᠯᠵᠢᠯᠡᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠠᠭᠤᠳᠠᠯᠬᠤ ᠪᠠ ᠠᠵᠢᠯ ᠣᠯᠭᠤᠬᠤ ᠰᠠᠨᠠᠮᠵᠢ ᠶᠢᠨ ᠪᠠᠶᠢᠴᠠᠭᠠᠯᠲᠠ ᠶᠢ ᠴᠢᠩᠭᠠᠳᠬᠠᠵᠤ᠂ ᠲᠤᠰᠬᠠᠢ ᠠᠵᠢᠯᠲᠠᠨ ᠡᠯᠰᠡᠬᠦ ᠬᠤᠷᠠᠯ ᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠪᠣᠯᠤᠨ ᠠᠵᠢᠯ ᠡᠷᠢᠭᠰᠡᠳ ᠲᠤ ᠨᠡᠩ ᠥᠷᠭᠡᠨ ᠠᠭᠤᠳᠠᠮ᠂ ᠥᠨᠳᠥᠷ ᠪᠦᠲᠦᠮᠵᠢᠲᠡᠢ ᠰᠣᠯᠢᠯᠴᠠᠭᠠᠨ ᠤ ᠲᠠᠪᠴᠠᠩ ᠪᠠᠶᠢᠭᠤᠯᠵᠤ᠂ ᠬᠠᠷᠢᠶ᠎ᠠ ᠣᠷᠣᠨ ᠤ ᠪᠠᠨ ᠠᠵᠢᠯ ᠠᠯᠳᠠᠭᠰᠠᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号