ᠰᠢᠨᠬᠤᠸᠠ ᠬᠤᠷᠢᠶ᠎ᠠ ᠶᠢᠨ ᠮᠠᠯᠠᠶᠢᠰᠢᠶ᠎ᠠ ᠶᠢᠨ ᠪᠦᠲ᠋ᠧᠯᠠᠵᠢᠶᠠᠶᠠ ᠶᠢᠨ 4 ᠰᠠᠷ᠎ᠠ ᠶᠢᠨ 16 ᠤ ᠴᠠᠭᠢᠯᠭᠠᠨ ᠮᠡᠳᠡᠭᠡ 4 | ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ | ᠰᠠᠶᠢᠳ ᠠᠨᠸᠠᠷ ᠲᠠᠢ ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ | ᠰᠢ ᠶᠢᠨ ᠫᠢᠩ ᠲᠡᠷᠭᠡᠨ ᠳᠤ ᠰᠠᠭᠤᠵᠤ ᠶᠡᠷᠦᠩᠬᠡᠢ ᠰᠠᠶᠢᠳ ᠤᠨ ᠣᠷᠳᠣᠨ ᠳᠤ ᠬᠦᠷᠬᠦ ᠳᠤ ᠠᠨᠸᠠᠷ ᠬᠠᠯᠠᠭᠤᠨ ᠢᠶᠠᠷ | ᠤᠭᠲᠤᠪᠠ᠃ ᠮᠠᠯᠠᠶᠢᠰᠢᠶ᠎ᠠ ᠶᠢᠨ ᠵᠠᠯᠠᠭᠤᠴᠤᠳ ᠪᠠᠭᠠᠴᠤᠳ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ᠭᠦᠷ | ᠬᠥᠭᠵᠢᠶᠡᠨ ᠲᠠᠢ ᠬᠡᠩᠭᠡᠷᠭᠡᠨ ᠬᠥᠭᠵᠢᠮ ᠢ ᠬᠠᠩᠭᠢᠨᠠᠭᠤᠯᠵᠤ᠂ ᠣᠷᠭᠢᠯᠤᠮ᠎ᠠ ᠰᠡᠳᠬᠢᠯᠭᠡ ᠲᠠᠢ ᠦᠨᠳᠦᠰᠦᠲᠡᠨ ᠤ ᠪᠥᠵᠢᠭ ᠢ | ᠪᠥᠵᠢᠭᠯᠡᠵᠦ᠂ ᠠᠯᠤᠰ ᠠᠴᠠ ᠬᠦᠷᠦᠯᠴᠡᠨ ᠢᠷᠡᠭᠰᠡᠨ ᠬᠦᠨᠳᠦᠲᠦ ᠵᠣᠴᠢᠨ ᠢᠶᠠᠨ ᠬᠠᠯᠠᠭᠤᠨ ᠢᠶᠠᠷ ᠤᠭᠲᠤᠪᠠ᠃ | | | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ | ᠶᠡᠷᠦᠩᠬᠡᠢ ᠰᠠᠶᠢᠳ ᠠᠨᠸᠠᠷ ᠲᠠᠢ ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠶᠢᠨ ᠤᠯᠠᠮᠵᠢᠯᠠᠯᠲᠤ ᠨᠥᠬᠦᠷᠯᠡᠯ ᠮᠢᠩᠭᠠᠨ ᠣᠨ ᠢ ᠲᠤᠭᠤᠯᠪᠠ᠃ ᠬᠤᠶᠠᠷ | ᠤᠯᠤᠰ ᠤᠨ ᠨᠥᠬᠦᠷᠯᠡᠯ ᠥᠨᠢ ᠤᠳᠠᠭᠠᠨ ᠲᠡᠦᠬᠡᠨ ᠶᠠᠪᠤᠴᠠ ᠳᠤ ᠪᠤᠢ ᠪᠣᠯᠵᠤ᠂ ᠰᠣᠶᠣᠯ ᠤᠨ ᠠᠭᠤᠰᠤᠯᠴᠠᠯ ᠤᠨ ᠳᠤᠮᠳᠠ | ᠦᠰᠦᠨ ᠪᠤᠶᠢᠵᠢᠵᠤ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠠᠰᠢᠭᠲᠠᠢ ᠪᠠᠶᠢᠬᠤ ᠳᠤᠮᠳᠠ ᠪᠠᠬᠢᠵᠢᠵᠦ᠂ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠬᠤ ᠳᠤᠮᠳᠠ ᠭᠦᠨᠵᠡᠭᠡᠶᠢᠷᠡᠵᠦ᠂ ᠰᠡᠳᠬᠢᠯ ᠰᠠᠨᠠᠭ᠎ᠠ ᠪᠠᠨ ᠣᠯᠣᠯᠴᠠᠬᠤ᠂ ᠦᠨᠡᠨᠴᠢ ᠪᠠᠷ | ᠬᠠᠨᠳᠤᠬᠤ᠂ ᠵᠢᠷᠤᠮ ᠢ ᠡᠷᠭᠢᠮᠯᠡᠭᠦ᠂ ᠡᠶ᠎ᠡ ᠨᠠᠶᠢᠷ ᠢ ᠳᠡᠭᠡᠳᠦᠯᠡᠬᠦ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠢᠯᠡᠷᠡᠭᠦᠯᠵᠦ᠂ | ᠬᠤᠶᠠᠷ ᠤᠯᠤᠰ ᠤᠨ ᠠᠷᠠᠳ ᠲᠦᠮᠡᠨ ᠤ ᠲᠡᠦᠬᠡ ᠶᠢᠨ ᠤᠶᠤᠨ ᠤᠬᠠᠭᠠᠨ ᠪᠣᠯᠣᠨ ᠰᠥᠰᠥ ᠵᠣᠷᠢᠭ ᠢ ᠢᠯᠡᠷᠡᠭᠦᠯᠵᠦ᠂ | ᠬᠤᠶᠠᠷ ᠤᠯᠤᠰ ᠤᠨ ᠬᠠᠮᠲᠤ ᠶᠢᠨ ᠡᠷᠬᠢᠮ ᠨᠠᠨᠳᠢᠨ ᠥᠪ ᠬᠥᠷᠥᠩᠭᠡ ᠪᠣᠯᠤᠭᠰᠠᠨ ᠪᠠᠶᠢᠨ᠎ᠠ᠃ ᠨᠢᠳᠤᠨᠤᠨ ᠬᠤᠶᠠᠷ | ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠨ ᠦᠪᠡᠳᠡᠭᠰᠢ ᠶᠡᠭᠡ ᠪᠠᠷ ᠪᠡᠯᠭᠡᠯᠡᠪᠡ᠃ | ᠥᠩᠭᠡᠷᠡᠭᠰᠡᠨ 50 ᠵᠢᠯ ᠳᠤ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠂ ᠬᠤᠶᠠᠷ | ᠲᠠᠯ᠎ᠠ ᠪᠠᠷ ᠢᠶᠠᠨ ᠳᠠᠷᠠᠭᠠᠴᠢ ᠶᠢᠨ 50 ᠵᠢᠯ ᠳᠤ ᠲᠡᠦᠬᠡ ᠶᠢᠨ ᠰᠠᠨᠠᠭᠠᠴᠢᠯᠠᠭ᠎ᠠ ᠶᠢ ᠦᠷᠭᠦᠯᠵᠢᠯᠡᠨ ᠡᠵᠡᠮᠳᠡᠵᠦ᠂ ᠴᠠᠭ | ᠦᠶ᠎ᠡ ᠶᠢᠨ ᠤᠷᠤᠰᠬᠠᠯ ᠤᠨ ᠡᠮᠦᠨ᠎ᠡ ᠵᠣᠷᠢᠭᠲᠠᠢ ᠵᠣᠭᠰᠣᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ | ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠤ ᠬᠥᠭᠵᠢᠯ ᠴᠡᠴᠡᠭᠯᠡᠯ ᠲᠣᠭᠲᠠᠭᠤᠨ ᠳᠤ ᠨᠡᠩ | ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠭᠤᠷᠪᠠᠨ ᠲᠠᠯ᠎ᠠ ᠶᠢᠨ ᠰᠠᠨᠠᠯ ᠳᠤᠷᠠᠳᠪᠠ᠃ | ᠨᠢᠭᠡ ᠳᠤ᠂ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ | ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠥᠷᠨᠢᠭᠦᠯᠦᠶ᠎ᠡ᠃ ᠳᠤᠮᠳᠠᠳᠤ ᠮᠠᠯᠠᠶᠢᠰᠢᠶ᠎ᠠ ᠬᠤᠶᠠᠷ ᠤᠯᠤᠰ ᠴᠥᠮ ᠪᠡᠶ᠎ᠡ ᠪᠠᠨ | ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠳᠠᠭᠠᠳᠤ ᠶᠢᠨ ᠭᠠᠷ ᠲᠦᠷᠦᠭᠦ ᠶᠢ ᠡᠰᠡᠷᠭᠦᠴᠡᠵᠦ᠂ | ᠦᠷᠭᠦᠯᠵᠢᠯᠡᠨ ᠭᠠᠷ ᠬᠤᠯᠪᠣᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠰᠠᠶᠢᠲᠤᠷ | ᠵᠠᠮᠨᠠᠵᠤ᠂ ᠲᠤᠰ ᠲᠤᠰ ᠤᠨ ᠢᠶᠠᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ | ᠬᠠᠮᠠᠭᠠᠯᠠᠬᠤ ᠶᠢ ᠡᠷᠡᠰ ᠲᠡᠮᠵᠢᠵᠤ᠂ ᠢᠷᠡᠭᠡᠳᠦᠢ ᠬᠤᠪᠢ ᠵᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠡᠵᠡᠮᠳᠡᠶ᠎ᠡ᠃ | ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ︽2 + 2︾ ᠶᠠᠷᠢᠯᠴᠠᠭᠠᠨ ᠤ ᠲᠣᠭᠲᠠᠴᠠ ᠶᠢ | ᠪᠠᠶᠢᠭᠤᠯᠵᠤ᠂ ᠤᠯᠤᠰ ᠤᠨ ᠠᠮᠤᠷ ᠲᠦᠪᠰᠢᠨ᠂ ᠰᠡᠷᠭᠡᠶᠢᠯᠡᠨ ᠬᠠᠮᠠᠭᠠᠯᠠᠬᠤ ᠠᠵᠢᠯ᠂ ᠬᠠᠤᠯᠢ ᠬᠡᠷᠡᠭᠵᠢᠭᠦᠯᠬᠦ ᠰᠣᠯᠢᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠶ᠎ᠡ᠃ | ᠬᠤᠶᠠᠷ ᠲᠤ᠂ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ | ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠶ᠎ᠠ᠃ ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠷ ᠴᠢᠷᠮᠠᠶᠢᠵᠤ᠂ ᠮᠠᠯᠠᠶᠢᠰᠢᠶ᠎ᠠ ᠶᠢᠨ ︽ | ᠴᠠᠩᠮᠢᠩ ᠤᠨ ᠠᠵᠤ ᠠᠬᠤᠢ︾ ᠶᠢᠨ ᠲᠥᠯᠥᠪᠯᠡᠭᠡ ᠲᠠᠢ ᠠᠷᠭ᠎ᠠ ᠨᠢ ᠣᠨᠳᠣᠣ ᠠᠮᠵᠢᠯᠲᠠ ᠨᠢ ᠠᠳᠠᠯᠢ ᠪᠣᠯᠣᠨ᠎ᠠ᠃ ᠬᠤᠶᠠᠷ | ᠲᠠᠯ᠎ᠠ ᠪᠠᠷ ᠢᠶᠠᠨ ᠭᠠᠷ ᠬᠤᠯᠪᠣᠨ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠲᠠᠯᠠᠢ ᠲᠠᠩᠭᠢᠰ ᠤᠨ | ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠤᠰᠢᠭᠤᠷᠠᠯ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠶᠢ | ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠥᠷᠲᠡᠭ ᠤᠨ ᠬᠡᠯᠬᠢᠶ᠎ᠡ᠂ | ᠲᠤᠭ᠎ᠠ ᠪᠠᠷᠢᠮᠲᠠ ᠶᠢᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠴᠢᠩᠭᠠᠳᠬᠠᠶ᠎ᠠ᠃ | ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠶᠢᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ | ᠬᠤᠣᠰ ᠴᠢᠭᠯᠡᠯ ᠤᠨ ᠪᠡᠯᠡ ᠣᠷᠣᠭᠤᠯᠤᠯᠲᠠ ᠶᠢ ᠠᠬᠢᠭᠤᠯᠤᠶ᠎ᠠ᠃ ᠲᠡᠮᠦᠷ ᠵᠠᠮ ᠪᠠ ᠲᠠᠯᠠᠢ ᠲᠠᠩᠭᠢᠰ ᠤᠨ ᠬᠠᠮᠲᠤᠷᠠᠭᠰᠠᠨ | ᠲᠡᠭᠡᠭᠡᠪᠦᠷᠢ ᠶᠢ ᠠᠬᠢᠭᠤᠯᠵᠤ᠂ ︽ᠬᠤᠶᠠᠷ ᠤᠯᠤᠰ ᠤᠨ ᠬᠤᠣᠰ ᠬᠦᠷᠢᠶᠡᠯᠡᠩ︾ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ | ᠳᠡᠪᠰᠢᠭᠦᠯᠬᠦ ᠶᠢ ᠪᠡᠶᠡᠯᠡᠭᠦᠯᠵᠦ᠂ ᠮᠠᠯᠠᠶᠢᠰᠢᠶ᠎ᠠ ᠶᠢᠨ ᠴᠢᠬᠤᠯᠠ ᠭᠠᠷᠠᠮ ᠢ ︽ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ | ᠨᠡᠪᠲᠡᠷᠡᠬᠦ ᠵᠠᠮ︾ ᠤᠨ ᠴᠢᠬᠤᠯᠠ ᠬᠦᠢᠰᠦ ᠪᠣᠯᠭᠠᠨ ᠪᠠᠶᠢᠭᠤᠯᠤᠶ᠎ᠠ᠃ | ᠭᠤᠷᠪᠠ ᠳᠤ᠂ ᠦᠶ᠎ᠡ ᠦᠶ᠎ᠡ ᠶᠢᠨ ᠨᠥᠬᠦᠷᠯᠡᠯ ᠢ ᠤᠯᠠᠮᠵᠢᠯᠠᠵᠤ᠂ ᠪᠣᠯᠪᠠᠰᠤᠨ ᠤ ᠰᠣᠯᠢᠯᠴᠠᠭ᠎ᠠ ᠪᠠ ᠬᠠᠷᠢᠯᠴᠠᠨ ᠲᠣᠯᠢ | ᠪᠤᠯᠭᠠᠬᠤ ᠶᠢ ᠭᠦᠨᠵᠡᠭᠡᠶᠢᠷᠡᠭᠦᠯᠦᠶ᠎ᠡ᠃ ︽ᠺᠦᠩᠽᠢ ᠶᠢᠨ ᠰᠤᠷᠭᠠᠯ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾ | ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠬᠤᠶᠠᠷ ᠤᠯᠤᠰ ᠴᠢᠨᠠᠭᠰᠢᠯᠠᠪᠠᠯ ᠭᠠᠵᠠᠷ ᠣᠷᠣᠨ ᠤ ᠳᠠᠪᠬᠤᠷᠭ᠎ᠠ ᠶᠢᠨ | ᠪᠣᠯᠪᠠᠰᠤᠨ ᠤ ᠰᠣᠯᠢᠯᠴᠠᠭᠠᠨ ᠤ ᠲᠠᠪᠴᠠᠩ ᠢ ᠭᠠᠷ ᠬᠤᠯᠪᠣᠨ ᠴᠣᠭᠴᠠᠯᠠᠶ᠎ᠠ᠃ ᠬᠠᠷᠢᠯᠴᠠᠨ ᠸᠢᠰᠠ ᠶᠢ ᠬᠡᠯᠲᠦᠷᠢᠭᠦᠯᠬᠦ | ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠪᠠᠷ ᠠᠵᠠ ᠲᠣᠭᠢᠶᠠᠯ ᠪᠤᠯᠭᠠᠵᠤ᠂ ᠵᠢᠭᠤᠯᠴᠢᠯᠠᠯ᠂ ᠵᠠᠯᠠᠭᠤᠴᠤᠳ᠂ ᠣᠷᠣᠨ | ᠨᠤᠲᠤᠭ ᠤᠨ ᠰᠣᠯᠢᠯᠴᠠᠭ᠎ᠠ ᠶᠢ ᠶᠡᠭᠡ ᠪᠠᠷ ᠥᠷᠨᠢᠭᠦᠯᠵᠦ᠂ ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠺᠢᠨᠣ᠋᠂ | ᠵᠠᠭᠤᠴᠢᠯᠠᠭᠤᠷ ᠵᠡᠷᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ | ᠠᠬᠢᠭᠤᠯᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠦᠶ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠮᠠᠯᠠᠶᠢᠰᠢᠶ᠎ᠠ ᠶᠢᠨ | ᠲᠠᠯ᠎ᠠ ᠲᠠᠢ ᠮᠠᠯᠤᠷ ᠥᠲᠡᠭᠡ ᠶᠢ ᠬᠠᠮᠠᠭᠠᠯᠠᠬᠤ ᠬᠠᠮᠲᠤᠷᠠᠯᠴᠠᠭᠠᠨ ᠤ ᠰᠤᠳᠤᠯᠭᠠᠨ ᠢ ᠦᠷᠭᠦᠯᠵᠢᠯᠡᠨ ᠰᠠᠶᠢᠲᠤᠷ ᠥᠷᠨᠢᠭᠦᠯᠦᠨ᠎ᠡ᠃ | | ᠰᠢ ᠶᠢᠨ ᠫᠢᠩ᠂ ᠮᠠᠯᠠᠶᠢᠰᠢᠶ᠎ᠠ ᠶᠢᠨ ᠬᠢᠨ ᠡᠨᠡ ᠵᠢᠯ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠤᠭ᠎ᠠ ᠶᠢᠨ ᠭᠤᠣᠯ ᠰᠡᠳᠦᠪ ᠢ ︽ᠪᠠᠭᠲᠠᠭᠠᠮᠵᠢᠲᠤ ᠴᠢᠨᠠᠷ ᠪᠣᠯᠣᠨ ᠦᠷᠭᠦᠯᠵᠢᠯᠡᠬᠦ ᠴᠢᠨᠠᠷ︾ ᠭᠡᠵᠦ ᠲᠣᠭᠲᠠᠭᠠᠭᠰᠠᠨ ᠨᠢ | ᠴᠠᠭ ᠤᠨ ᠪᠠᠶᠢᠳᠠᠯ ᠤᠨ ᠲᠤᠬᠠᠢ ᠭᠦᠨᠵᠡᠭᠡᠢ ᠠᠵᠢᠭᠯᠠᠯᠲᠠ ᠶᠢ ᠢᠯᠡᠷᠡᠭᠦᠯᠪᠡ᠃ ᠳᠤᠮᠳᠠᠳᠤ ᠤᠯᠤᠰ ᠮᠠᠯᠠᠶᠢᠰᠢᠶ᠎ᠠ ᠶᠢᠨ ᠬᠢᠨ ᠤ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠦᠢᠯᠡᠳᠦᠯ ᠢᠶᠠᠨ | ᠪᠠᠳᠠᠷᠠᠭᠤᠯᠬᠤ ᠶᠢ ᠲᠡᠮᠵᠢᠵᠤ᠂ ᠳᠤᠷᠠᠲᠠᠶ᠎ᠠ ᠭᠠᠵᠠᠷ ᠣᠷᠣᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ — | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠢ ᠲᠡᠰ ᠳᠡᠪᠰᠢᠭᠦᠯᠬᠦ | ᠵᠥᠪᠯᠡᠯᠴᠡᠭᠡᠷ ᠤᠨ ᠪᠢᠴᠢᠭ ᠲᠤ ᠡᠷᠲᠡᠬᠡᠨ ᠭᠠᠷ ᠤᠨ ᠦᠰᠦᠭ ᠵᠢᠷᠤᠵᠤ᠂ ᠨᠡᠭᠡᠭᠡᠯᠲᠡᠲᠡᠢ ᠪᠠᠭᠲᠠᠭᠠᠮᠵᠢᠲᠠᠢ᠂ ᠪᠦᠯᠬᠦᠮᠳᠡᠨ | ᠬᠠᠮᠲᠤᠷᠠᠯᠴᠠᠬᠤ ᠪᠠᠷ ︽ᠬᠠᠷᠢᠴᠠᠭ᠎ᠠ ᠬᠤᠯᠪᠤᠭ᠎ᠠ ᠪᠠᠨ ᠲᠠᠰᠤᠯᠬᠤ︾᠂ ︽ᠪᠠᠭ᠎ᠠ ᠬᠦᠷᠢᠶ᠎ᠡ ᠥᠨᠳᠥᠷ ᠬᠡᠷᠡᠮ︾ ᠪᠣᠯᠣᠨ | ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ ᠶᠢ ᠬᠤᠷᠢᠭᠯᠠᠵᠤ᠂ ᠡᠩᠬᠡ ᠲᠠᠶᠢᠪᠤᠩ᠂ ᠬᠠᠮᠲᠤᠷᠠᠯᠴᠠᠬᠤ᠂ | ᠨᠡᠭᠡᠭᠡᠯᠲᠡᠲᠡᠢ᠂ ᠪᠠᠭᠲᠠᠭᠠᠮᠵᠢᠲᠠᠢ ᠠᠽᠢᠶ᠎ᠠ ᠲᠢᠪ ᠤᠨ ᠦᠷᠳᠡᠭ ᠤᠨ ᠦᠵᠡᠯᠲᠡ ᠪᠠᠷ ᠪᠠᠭᠤᠷᠠᠢ ᠨᠢ ᠬᠦᠴᠦᠷᠬᠡᠭ ᠲᠡᠭᠡᠨ | ᠳᠣᠷᠣᠮᠵᠢᠯᠠᠭᠳᠠᠵᠤ ᠵᠠᠯᠭᠢᠭᠳᠠᠬᠤ ᠤᠢ ᠰᠢᠭᠤᠢ ᠶᠢᠨ ᠵᠢᠮ᠎ᠡ ᠬᠠᠤᠯᠢ ᠳᠤ ᠬᠠᠷᠢᠭᠤᠯᠲᠠ ᠥᠭᠴᠦ᠂ ᠠᠽᠢᠶ᠎ᠠ ᠲᠢᠪ ᠤᠨ | ᠲᠣᠭᠲᠠᠪᠤᠷᠢᠲᠤ ᠴᠢᠨᠠᠷ ᠪᠣᠯᠣᠨ ᠲᠣᠬᠲᠠᠭᠠᠯᠲᠤ ᠴᠢᠨᠠᠷ ᠢᠶᠠᠷ ᠳᠡᠯᠡᠬᠡᠢ ᠶᠢᠨ ᠲᠣᠭᠲᠠᠪᠤᠷᠢᠲᠤ ᠪᠤᠰᠤ ᠪᠠ ᠲᠣᠬᠲᠠᠭᠠᠯᠲᠤ ᠪᠤᠰᠤ | ᠪᠠᠶᠢᠳᠠᠯ ᠢ ᠠᠷᠭᠠᠴᠠᠭᠠᠨ᠎ᠠ ᠭᠡᠵᠦ ᠵᠢᠭᠠᠵᠤ ᠭᠠᠷᠭᠠᠪᠠ᠃ | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ | ᠶᠡᠷᠦᠩᠬᠡᠢ ᠰᠠᠶᠢᠳ ᠠᠨᠸᠠᠷ ᠲᠠᠢ ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ ᠵᠢᠷᠤᠭ | ᠪᠣᠯ ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠮᠠᠯᠠᠶᠢᠰᠢᠶ᠎ᠠ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | ᠠᠨᠸᠠᠷ ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠵᠤ᠂ | ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠦᠨᠡᠨ ᠰᠡᠳᠬᠢᠯ ᠠᠴᠠ ᠪᠠᠨ ᠮᠠᠯᠠᠶᠢᠰᠢᠶ᠎ᠠ ᠶᠢ ᠬᠠᠪᠰᠤᠷᠴᠤ᠂ ᠠᠶᠤᠯ | ᠲᠦᠭᠰᠢᠭᠦᠷᠢ ᠶᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠮᠠᠯᠠᠶᠢᠰᠢᠶ᠎ᠠ ᠶᠢᠨ ᠨᠠᠶᠢᠳᠠᠪᠤᠷᠢᠲᠠᠢ | ᠨᠠᠶᠢᠵᠠ ᠮᠥᠨ᠃ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠢ ᠤᠳᠤᠷᠢᠳᠤᠨ ᠠᠭᠤᠤ ᠶᠡᠭᠡ ᠬᠥᠭᠵᠢᠯᠲᠡ ᠶᠢᠨ | ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠵᠤ᠂ | ᠬᠠᠮᠲᠤ ᠪᠠᠷ ᠴᠡᠴᠡᠭᠯᠡᠨ ᠬᠥᠭᠵᠢᠬᠦ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠶᠢ ᠰᠠᠨᠠᠭᠠᠴᠢᠯᠠᠭᠰᠠᠨ ᠤᠳᠤ ᠶᠢᠨ | ᠳᠡᠯᠡᠬᠡᠢ ᠶᠢᠨ ᠭᠠᠷᠮᠠᠭᠠᠢ ᠤᠳᠤᠷᠢᠳᠬᠤ ᠬᠥᠮᠥᠨ ᠮᠥᠨ᠃ ᠮᠠᠯᠠᠶᠢᠰᠢᠶ᠎ᠠ ᠶᠢᠨ ᠠᠷᠠᠳ ᠲᠦᠮᠡᠨ ᠳᠤᠮᠳᠠᠳᠤ ᠤᠯᠤᠰ ᠪᠣᠯᠣᠨ | ᠲᠡᠷᠢᠭᠦᠯᠡᠭᠴᠢ ᠰᠢ ᠶᠢᠨ ᠫᠢᠩ ᠢ ᠪᠢᠰᠢᠷᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠲᠤᠰ ᠤᠳᠠᠭ᠎ᠠ ᠶᠢᠨ | ᠠᠶᠢᠯᠴᠢᠯᠠᠯᠲᠠ ᠶᠢᠨ ᠣᠯᠣᠭᠰᠠᠨ ᠰᠢᠨ᠎ᠡ ᠲᠡᠮᠳᠡᠭᠯᠡᠯ ᠢ ᠡᠭᠦᠳᠦᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠨᠢ | ᠮᠠᠯᠠᠶᠢᠰᠢᠶ᠎ᠠ ᠶᠢᠨ ᠲᠠᠯ᠎ᠠ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠮᠠᠯᠠᠶᠢᠰᠢᠶ᠎ᠠ ᠶᠢᠨ ᠬᠢᠨ ᠶᠡᠬᠡᠳᠡ ᠵᠣᠷᠢᠭᠵᠢᠪᠠ᠃ | ᠮᠠᠯᠠᠶᠢᠰᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ︽ | ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠠᠮᠠᠷᠪᠠ ᠠᠵᠢᠯᠯᠠᠭ᠎ᠠ ᠶᠢ ᠳᠡᠮᠵᠢᠬᠦ ᠦᠭᠡᠢ᠃ ᠮᠠᠯᠠᠶᠢᠰᠢᠶ᠎ᠠ ᠶᠢᠨ ᠬᠢᠨ ᠳᠤᠷᠠᠲᠠᠶ᠎ᠠ | ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ | ᠢᠲᠡᠭᠡᠯᠴᠡᠭᠡ ᠪᠠᠨ ᠪᠠᠭᠢᠵᠢᠭᠦᠯᠦᠨ᠎ᠡ︔ ᠬᠤᠶᠠᠷ ᠤᠯᠤᠰ ᠤᠨ ᠠᠷᠠᠯᠵᠢᠶ᠎ᠠ ᠶᠢ ᠥᠷᠭᠡᠳᠬᠡᠵᠦ᠂ ᠳᠤᠮᠳᠠᠳᠤ ᠤᠯᠤᠰ ᠤᠨ ᠠᠵᠤ | ᠠᠬᠤᠶᠢᠯᠠᠯ ᠮᠠᠯᠠᠶᠢᠰᠢᠶ᠎ᠠ ᠳᠤ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠵᠦ᠂ ᠮᠠᠯᠠᠶᠢᠰᠢᠶ᠎ᠠ ᠶᠢᠨ | ᠲᠠᠯ᠎ᠠ ᠶᠢᠨ ᠬᠢᠨ ᠲᠠᠢ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ | ᠵᠡᠷᠭᠡ ᠰᠢᠨ᠎ᠡ ᠪᠠᠷ ᠮᠠᠨᠳᠤᠭᠰᠠᠨ ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠬᠥᠭᠵᠢᠭᠦᠯᠵᠦ᠂ ᠬᠤᠶᠠᠷ ᠤᠯᠤᠰ ᠤᠨ | ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠪᠠᠶᠠᠷᠯᠠᠨ ᠤᠭᠲᠤᠵᠤ ᠪᠠᠶᠢᠨ᠎ᠠ︔ ᠰᠣᠶᠣᠯ᠂ ᠰᠤᠷᠭᠠᠨ | ᠬᠥᠮᠦᠵᠢᠯ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠶᠢ ᠨᠡᠮᠡᠭᠳᠡᠭᠦᠯᠵᠦ᠂ ᠠᠷᠠᠳ | ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠭᠢᠭᠤᠯᠤᠨ᠎ᠠ︔ ᠢᠰᠯᠠᠮ ᠤᠨ ᠪᠣᠯᠪᠠᠰᠤᠨ ᠪᠠ | ᠺᠦᠩᠽᠢ ᠶᠢᠨ ᠰᠤᠷᠭᠠᠯ ᠤᠨ ᠪᠣᠯᠪᠠᠰᠤᠨ ᠤ ᠶᠠᠷᠢᠯᠴᠠᠭ᠎ᠠ ᠶᠢ ᠥᠷᠨᠢᠭᠦᠯᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ | ᠳᠠᠪᠰᠢᠯᠲᠠ ᠶᠢ ᠠᠬᠢᠭᠤᠯᠤᠨ᠎ᠠ᠃ ᠭᠠᠭᠴᠠ ᠲᠠᠯᠠᠲᠤ ᠦᠵᠡᠯ ᠲᠣᠯᠣᠭᠠᠢ ᠥᠨᠳᠡᠶᠢᠵᠦ ᠪᠠᠶᠢᠭ᠎ᠠ ᠪᠠᠶᠢᠳᠠᠯ ᠤᠨ ᠡᠮᠦᠨ᠎ᠡ | ᠮᠠᠯᠠᠶᠢᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠶᠤᠯ ᠲᠦᠭᠰᠢᠭᠦᠷᠢ | ᠪᠠ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ | ᠶᠠᠮᠠᠷᠪᠠ ᠭᠠᠭᠴᠠ ᠲᠠᠯ᠎ᠠ ᠠᠴᠠ ᠪᠣᠭᠤᠮᠲᠠ ᠶᠢᠨ ᠭᠠᠶᠢᠯᠢ ᠨᠡᠮᠡᠬᠦ ᠠᠷᠭ᠎ᠠ ᠬᠢᠳᠡᠯ ᠢ ᠵᠥᠪᠰᠢᠶᠡᠷᠡᠬᠦ ᠦᠭᠡᠢ᠂ ᠬᠠᠮᠲᠤᠷᠠᠯᠴᠠᠵᠤ | ᠬᠤᠯᠪᠣᠭᠠᠯᠠᠬᠤ ᠪᠠᠷ ᠳᠠᠮᠵᠢᠨ ᠥᠪᠡᠷ ᠢ ᠪᠠᠨ ᠬᠦᠴᠦᠷᠬᠡᠭᠵᠢᠭᠦᠯᠵᠦ᠂ ᠠᠵᠤ ᠠᠬᠤᠢ ᠶᠢᠨ ᠨᠡᠮᠡᠭᠳᠡᠯ ᠢᠶᠠᠨ ᠪᠠᠲᠤᠯᠠᠨ᠎ᠠ᠃ | ᠮᠠᠯᠠᠶᠢᠰᠢᠶ᠎ᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷ᠎ᠡ ᠦᠵᠡᠭᠦᠯᠦᠭᠰᠡᠨ | ᠢᠳᠡᠪᠬᠢ ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠮᠠᠯᠠᠶᠢᠰᠢᠶ᠎ᠠ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠤᠭ᠎ᠠ — ᠳᠤᠮᠳᠠᠳᠤ ᠤᠯᠤᠰ ᠤᠨ ᠬᠠᠷᠢᠯᠴᠠᠭᠠᠨ ᠤ ᠵᠣᠬᠢᠴᠠᠭᠤᠯᠤᠭᠴᠢ ᠤᠯᠤᠰ ᠪᠣᠯᠤᠭᠰᠠᠨ ᠤ | ᠬᠤᠪᠢ ᠳᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ — ᠳᠤᠮᠳᠠᠳᠤ ᠤᠯᠤᠰ ᠤᠨ | ᠬᠠᠮᠲᠤᠷᠠᠯᠴᠠᠭ᠎ᠠ ᠶᠢ ᠴᠢᠩᠭᠠᠳᠬᠠᠬᠤ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠬᠥᠭᠵᠢᠯ | ᠴᠡᠴᠡᠭᠯᠡᠯ ᠢ ᠠᠬᠢᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠮᠠᠯᠠᠶᠢᠰᠢᠶ᠎ᠠ ᠬᠤᠶᠠᠷ | ᠲᠠᠯ᠎ᠠ ᠶᠢᠨ 30 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠰᠣᠯᠢᠯᠴᠠᠬᠤ ᠶᠢ ᠬᠠᠮᠲᠤ ᠪᠠᠷ | ᠭᠡᠷᠡᠴᠢᠯᠡᠵᠦ᠂ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ᠂ ︽ᠺᠦᠩᠽᠢ ᠶᠢᠨ ᠰᠤᠷᠭᠠᠯ | ᠪᠣᠯᠣᠨ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾᠂ ᠲᠣᠭᠠᠴᠢᠯᠠᠭᠰᠠᠨ ᠠᠵᠤ ᠠᠬᠤᠢ᠂ ᠦᠢᠯᠡᠴᠢᠯᠡᠭᠡᠨ ᠤ | ᠠᠷᠠᠯᠵᠢᠶ᠎ᠠ᠂ ︽ᠬᠤᠶᠠᠷ ᠤᠯᠤᠰ ᠤᠨ ᠬᠤᠣᠰ ᠬᠦᠷᠢᠶᠡᠯᠡᠩ︾ ᠢ ᠲᠡᠰ ᠳᠡᠪᠰᠢᠭᠦᠯᠦᠨ ᠬᠥᠭᠵᠢᠭᠦᠯᠬᠦ᠂ ᠬᠠᠮᠲᠤᠷᠠᠭᠰᠠᠨ | ᠲᠤᠷᠰᠢᠯᠲᠠ ᠶᠢᠨ ᠲᠠᠰᠤᠭ᠂ ᠵᠣᠬᠢᠶᠠᠮᠠᠯ ᠤᠶᠤᠨ ᠴᠢᠳᠠᠪᠤᠷᠢ᠂ ᠲᠡᠮᠦᠷ ᠵᠠᠮ᠂ ᠮᠡᠳᠡᠯᠭᠡ ᠶᠢᠨ ᠥᠮᠴᠢᠯᠡᠯ ᠤᠨ ᠡᠷᠬᠡ᠂ | ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠭᠠᠷᠭᠠᠬᠤ᠂ ᠬᠠᠷᠢᠯᠴᠠᠨ ᠸᠢᠰᠠ ᠶᠢ ᠬᠡᠯᠲᠦᠷᠢᠭᠦᠯᠬᠦ᠂ ᠮᠠᠯᠤᠷ | ᠦᠳᠡᠭᠡ ᠶᠢ ᠬᠠᠮᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠮᠠᠯᠠᠶᠢᠰᠢᠶ᠎ᠠ ᠶᠢᠨ ᠥᠨᠳᠥᠷ | ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠲᠤᠰ ᠣᠷᠣᠢ ᠠᠨᠸᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | |