4 ᠰᠠᠷ᠎ᠠ ᠶᠢᠨ 15 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ︽ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠨᠡᠩ ᠥᠨᠳᠥᠷ ᠲᠦᠪᠰᠢᠨ ᠪᠦᠬᠦᠢ ᠠᠮᠤᠷ | ᠠᠮᠤᠭᠤᠯᠠᠩ ᠬᠠᠶᠢᠷᠤᠪ ᠤᠨ ᠲᠤᠬᠤᠢ᠂ ᠬᠠᠤᠯᠢᠵᠢᠯ ᠤᠨ ᠬᠠᠶᠢᠷᠤᠪ ᠤᠨ ᠲᠤᠬᠤᠢ ᠶᠢ ᠪᠠᠶᠢᠭᠤᠯᠬᠤ︾ ᠭᠤᠣᠯ | ᠰᠡᠳᠦᠪ ᠲᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ︽ᠭᠠᠵᠢᠭᠤ ᠨᠣᠮᠯᠠᠯ ᠢ ᠰᠡᠷᠭᠡᠶᠢᠯᠡᠵᠦ ᠤᠯᠤᠰ ᠤᠨ ᠠᠮᠤᠷ | ᠲᠦᠪᠰᠢᠨ ᠢ ᠬᠠᠮᠠᠭᠠᠯᠠᠬᠤ︾ ᠭᠤᠣᠯ ᠰᠡᠳᠦᠪᠲᠦ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠭᠤᠯᠭ᠎ᠠ ᠳᠤ | ᠠᠭᠤᠰᠤᠯᠴᠠᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | | | | | ᠠᠵᠢᠯᠯᠠᠭ᠎ᠠ ᠶᠢᠨ ᠳᠤᠮᠳᠠ ᠡᠯ᠎ᠡ ᠨᠢᠭᠡᠴᠡ ᠶᠢᠨ ᠠᠵᠢᠯ ᠤᠨ ᠬᠤᠪᠢᠶᠠᠷᠢᠯᠠᠯ ᠲᠣᠳᠣᠷᠬᠠᠢ᠂ ᠨᠢᠭᠲᠠ ᠬᠠᠮᠵᠢᠯᠴᠠᠵᠤ᠃ | ᠤᠬᠠᠭᠤᠯᠭ᠎ᠠ ᠶᠢᠨ ᠡᠯᠭᠦᠭᠡ ᠪᠢᠴᠢᠭᠡᠰᠦ᠂ ᠤᠬᠠᠭᠤᠯᠭ᠎ᠠ ᠶᠢᠨ ᠮᠠᠲ᠋ᠧᠷᠢᠶᠠᠯ ᠵᠢᠴᠢ ᠭᠠᠵᠢᠭᠤ ᠨᠣᠮᠯᠠᠯ ᠢ ᠡᠰᠡᠷᠭᠦᠴᠡᠬᠦ | ᠤᠬᠠᠭᠤᠯᠭ᠎ᠠ ᠶᠢᠨ ᠰᠠᠮᠪᠠᠷ᠎ᠠ ᠶᠢ ᠨᠠᠷᠢᠨ ᠨᠢᠮᠪᠠᠢ ᠪᠡᠯᠡᠳᠬᠡᠵᠦ᠂ ᠬᠤᠳᠠ ᠶᠢᠨ ᠠᠷᠠᠳ ᠲᠤ ᠭᠠᠵᠢᠭᠤ ᠨᠣᠮᠯᠠᠯ ᠤᠨ | ᠬᠤᠣᠷ ᠬᠥᠨᠥᠭᠡᠯ ᠢ ᠣᠶᠢᠯᠠᠭᠠᠭᠤᠯᠪᠠ︔ ᠤᠯᠤᠰ ᠲᠦᠷᠦ ᠶᠢᠨ ᠬᠠᠮᠠᠭᠠᠯᠠᠯᠲᠠ ᠶᠢᠨ ᠶᠡᠭᠡ ᠠᠩᠭᠢ ᠶᠢᠨ ᠭᠠᠵᠢᠭᠤ | ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠢ ᠯᠠ ᠪᠤᠤ᠂ ᠵᠢᠷᠤᠭ ᠪᠢᠴᠢᠭ ᠢ ᠬᠤᠣᠰᠯᠠᠭᠤᠯᠤᠭᠰᠠᠨ ᠬᠡᠯᠪᠡᠷᠢ ᠪᠠᠷ ᠮᠠᠰᠢ | ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠪᠠ︔ ᠹᠧᠩ ᠬᠤᠸᠠᠩ ᠯᠢᠩ ᠬᠠᠤᠯᠢ ᠴᠠᠭᠠᠵᠠ ᠶᠢᠨ | ᠭᠠᠵᠠᠷ ᠠᠴᠠ ᠬᠠᠩᠭᠠᠭᠰᠠᠨ ᠡᠯ᠎ᠡ ᠲᠦᠷᠦᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠮᠠᠲ᠋ᠧᠷᠢᠶᠠᠯ ᠪᠣᠯᠤᠨ ᠤᠬᠠᠭᠤᠯᠭ᠎ᠠ ᠶᠢᠨ ᠳᠡᠪᠲᠡᠷ ᠢ ᠬᠠᠮᠤᠷᠴᠤ᠂ ᠦᠨᠳᠦᠰᠦᠨ ᠬᠠᠤᠯᠢ᠂ ᠢᠷᠭᠡᠨ ᠤ | ᠬᠠᠤᠯᠢ ᠶᠢᠨ ᠪᠢᠴᠢᠭ ᠵᠡᠷᠭᠡ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠮᠡᠳᠡᠯᠭᠡ ᠶᠢ ᠬᠠᠮᠤᠷᠴᠤ᠂ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠥᠭᠪᠡ᠃ | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ | ᠤᠬᠠᠭᠤᠯᠭ᠎ᠠ ᠶᠢᠨ ᠰᠠᠮᠪᠠᠷ᠎ᠠ ᠶᠢᠨ ᠣᠷᠣᠨ ᠪᠦᠰᠡ ᠳᠤ᠂ ᠴᠥᠭᠡᠨ ᠪᠤᠰᠤ ᠬᠤᠳᠠ ᠶᠢᠨ ᠠᠷᠠᠳ ᠬᠤᠷᠠᠨ ᠴᠤᠭᠯᠠᠷᠠᠵᠤ᠂ | ᠭᠠᠵᠢᠭᠤ ᠨᠣᠮᠯᠠᠯ ᠢ ᠡᠰᠡᠷᠭᠦᠴᠡᠬᠦ ᠠᠭᠤᠯᠭ᠎ᠠ ᠶᠢ ᠨᠠᠷᠢᠨ ᠬᠢᠨᠠᠮᠠᠭᠠᠢ ᠦᠵᠡᠵᠦ᠂ ᠠᠵᠢᠯᠲᠠᠳ ᠠᠴᠠ ᠬᠤᠯᠪᠣᠭᠳᠠᠯ | ᠪᠦᠬᠦᠢ ᠠᠰᠠᠭᠤᠳᠠᠯ ᠢ ᠪᠠᠶᠢᠨ ᠪᠠᠶᠢᠨ ᠯᠠᠪᠯᠠᠨ ᠠᠰᠠᠭᠤᠪᠠ᠃ ᠠᠵᠢᠯᠲᠠᠳ ᠪᠠ ᠰᠠᠶᠢᠨ ᠳᠤᠷ᠎ᠠ ᠶᠢᠨ ᠦᠢᠯᠡᠴᠢᠯᠡᠭᠴᠢᠳ | ᠬᠦᠯᠢᠴᠡᠩᠭᠦᠢ ᠪᠠᠷ ᠬᠠᠷᠢᠭᠤᠯᠲᠠ ᠥᠭᠴᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠪᠣᠳᠠᠲᠤ | ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠵᠤ᠂ ᠬᠤᠳᠠ ᠶᠢᠨ ᠠᠷᠠᠳ ᠲᠤ ᠠᠮᠤᠷ ᠲᠦᠪᠰᠢᠨ ᠤ ᠮᠡᠳᠡᠯᠭᠡ ᠪᠠ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ ᠲᠣᠭᠲᠠᠭᠤᠨ ᠪᠠ | ᠬᠠᠤᠯᠢᠵᠢᠯ ᠤᠨ ᠪᠠᠶᠢᠭᠤᠯᠤᠯᠲᠠ ᠶᠢᠨ ᠴᠢᠬᠤᠯᠠ ᠴᠢᠨᠠᠷ ᠢ ᠤᠯᠠᠨ ᠳᠤ ᠭᠦᠨᠵᠡᠭᠡᠢ ᠲᠠᠨᠢᠭᠤᠯᠪᠠ᠃ | | | | ᠲᠤᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ | ᠪᠣᠯᠤᠨ ᠬᠡᠪ ᠪᠣᠯᠪᠠᠰᠤᠷᠠᠯ ᠢ ᠴᠢᠩᠭᠠᠳᠬᠠᠭᠰᠠᠨ ᠢᠶᠠᠷ ᠪᠠᠷᠠᠬᠤ ᠦᠭᠡᠢ᠂ ᠬᠠᠶᠢᠷᠤᠪ ᠤᠨ ᠲᠤᠬᠤᠢ ᠳᠤ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ ᠬᠠᠶᠢᠷᠤᠪ ᠤᠨ | ᠲᠤᠬᠤᠢ ᠲᠣᠭᠤᠷᠢᠭ ᠡᠶᠢᠮᠦᠷᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠠᠮᠤᠷ ᠠᠮᠤᠭᠤᠯᠠᠩ | ᠬᠠᠶᠢᠷᠤᠪ ᠤᠨ ᠲᠤᠬᠤᠢ᠂ ᠬᠠᠤᠯᠢᠵᠢᠯ ᠤᠨ ᠬᠠᠶᠢᠷᠤᠪ ᠤᠨ ᠲᠤᠬᠤᠢ ᠶᠢᠨ ᠪᠦᠳᠦᠭᠡᠨ ᠪᠠᠶᠢᠭᠤᠯᠤᠯᠲᠠ ᠶᠢ ᠰᠢᠨ᠎ᠡ | ᠦᠨᠳᠦᠷᠴᠡ ᠳᠤ ᠬᠦᠷᠭᠡᠨ᠎ᠡ᠃ | ᠲᠣᠰ ᠤᠳᠠᠭᠠᠨ ᠤ ᠠᠵᠢᠯᠯᠠᠭ᠎ᠠ ᠶᠢ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ᠂ ᠹᠧᠩ ᠬᠤᠸᠠᠩ ᠯᠢᠩ ᠵᠡᠭᠡᠯᠢ ᠭᠤᠳᠤᠮᠵᠢ ᠠᠴᠠ ᠭᠤᠤᠯᠯᠠᠨ ᠡᠷᠬᠢᠯᠡᠵᠦ᠂ | ᠹᠧᠩ ᠬᠤᠸᠠᠩ ᠯᠢᠩ ᠬᠠᠤᠯᠢ ᠴᠠᠭᠠᠵᠠ ᠶᠢᠨ ᠭᠠᠵᠠᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠡᠯ᠎ᠡ ᠨᠡᠶᠢᠭᠡᠮ | ᠲᠣᠭᠤᠷᠢᠭ ᠠᠴᠠ ᠬᠠᠮᠵᠢᠯᠴᠠᠨ ᠡᠷᠬᠢᠯᠡᠪᠡ᠃ | |