ᠲᠤᠰᠬᠠᠢ ᠰᠡᠳᠦᠪ ᠤᠨ ᠪᠣᠯᠪᠠᠰᠤᠷᠠᠯ︕ ᠬᠠᠶᠢᠷᠤᠪ ᠤᠨ ᠲᠣᠬᠤᠢ ᠲᠣᠭᠤᠷᠢᠭ ᠤᠨ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠢ ᠢᠩᠭᠢᠵᠦ ᠬᠢᠶ᠎ᠡ ᠁
ᠨᠡᠶᠢᠲᠡᠯᠡᠭᠰᠡᠨ ᠴᠠᠭ᠄
2025/4/21
    4 ᠰᠠᠷ᠎ᠠ ᠶᠢᠨ 18᠎ ᠤ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠵᠢᠴᠢ ᠪᠦᠬᠦ ᠲᠤᠭᠤᠷᠢᠭ ᠤᠨ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢᠨ ᠵᠥᠷᠢᠶ᠎ᠡ ᠶᠢ ᠰᠡᠷᠭᠡᠶᠢᠯᠡᠬᠦ ᠪᠠ ᠵᠠᠯᠠᠷᠠᠭᠤᠯᠤᠨ ᠵᠠᠰᠠᠬᠤ ᠲᠤᠰᠬᠠᠢ ᠰᠡᠳᠦᠪᠲᠦ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠬᠢ ᠡᠷᠬᠢᠯᠡᠪᠡ᠃ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠣᠯᠤᠨ ᠬᠡᠰᠡᠭ ᠰᠠᠯᠠᠭ᠎ᠠ ᠮᠥᠴᠢᠷ ᠨᠢᠭᠡᠴᠡ ᠶᠢᠨ ᠵᠠᠯᠠᠭᠤ ᠰᠠᠯᠠᠭᠠᠨ ᠲᠡᠰ ᠤᠨ ᠺᠠᠳ᠋ᠷ ᠵᠢᠴᠢ ᠠᠵᠢᠯᠳᠠᠨ 130 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃
640.jpg   
    ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ ᠸᠧᠨ ᠵᠧᠩ ︽ᠤᠳᠤᠷᠢᠳᠬᠤ ᠺᠠᠳ᠋ᠷ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ︾ ᠭᠡᠬᠦ ᠰᠡᠳᠦᠪ ᠢᠶᠠᠷ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠭᠤᠷᠪᠠᠨ ᠬᠠᠷᠠᠭᠠᠰᠤ ᠠᠴᠠ ᠰᠤᠷᠤᠯᠭ᠎ᠠ ᠡᠬᠢᠯᠡᠬᠦ ᠪᠠᠶᠠᠷ ᠤᠨ ᠦᠭᠡ ᠬᠡᠯᠡᠪᠡ᠃     ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢᠨ ᠵᠥᠷᠢᠶ᠎ᠡ ᠶᠢ ᠰᠡᠷᠭᠡᠶᠢᠯᠡᠬᠦ ᠪᠠ ᠵᠠᠯᠠᠷᠠᠭᠤᠯᠤᠨ ᠵᠠᠰᠠᠬᠤ ᠶᠢᠨ ᠲᠣᠭᠤᠷᠢᠨ ᠳᠤ᠂ 2025 ᠣᠨ ᠤ ᠬᠠᠷᠠᠯᠲᠠ ᠡᠭᠦᠷᠭᠡ ᠶᠢᠨ ᠲᠤᠰᠬᠠᠶ ᠰᠡᠳᠦᠪᠲᠦ ᠵᠢᠭᠠᠨ ᠰᠤᠷᠭᠠᠯᠲᠠ᠂ ᠵᠢᠭᠠᠨ ᠰᠤᠷᠭᠠᠯᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠦᠯᠡᠳᠡᠭᠡᠨ ᠠᠵᠢᠭᠯᠠᠬᠤ ᠶᠠᠪᠤᠴᠠ ᠵᠡᠷᠭᠡ ᠬᠢᠴᠢᠶᠡᠯ ᠢ ᠨᠠᠷᠢᠨ ᠨᠢᠮᠪᠠᠶ ᠳᠣᠭᠢᠷᠠᠭᠤᠯᠪᠠ᠃ ᠪᠣᠯᠪᠠᠰᠤᠷᠠᠯ ᠢᠶᠠᠷ ᠳᠠᠮᠵᠢᠨ᠂ ᠬᠠᠶᠢᠷᠤᠪ ᠤᠨ ᠲᠣᠬᠤᠢ ᠲᠣᠭᠤᠷᠢᠭ ᠤᠨ ᠺᠠᠳ᠋ᠷ ᠤᠨ ᠤᠯᠤᠰ ᠲᠥᠷᠦ ᠶᠢᠨ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠺᠠᠳ᠋ᠷ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠪᠣᠯᠤᠨ ᠬᠠᠤᠯᠢ ᠰᠠᠬᠢᠯᠭ᠎ᠠ ᠶᠢᠨ ᠦᠵᠡᠯᠲᠡ ᠶᠢ ᠳᠡᠭᠡᠭᠰᠢᠯᠡᠭᠦᠯᠤᠨ᠎ᠡ᠃     ᠬᠠᠶᠢᠷᠤᠪ ᠤᠨ ᠲᠤᠬᠤᠢ ᠲᠣᠭᠤᠷᠢᠭ ᠤᠨ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︽ᠬᠠᠶᠢᠷᠤᠪ ᠤᠨ ᠲᠤᠬᠤᠢ ᠲᠣᠭᠤᠷᠢᠭ ᠤᠨ ᠲᠤᠰ ᠱᠠᠲᠤᠨ ᠤ 2025 ᠣᠨ ᠤ ᠺᠠᠳ᠋ᠷ᠂ ᠠᠯᠪᠠᠲᠠᠨ ᠪᠠ ᠨᠠᠮ ᠤᠨ ᠭᠡᠰᠢᠭᠦᠨ ᠤ ᠦᠨᠳᠦᠰᠦᠨ ᠪᠣᠯᠪᠠᠰᠤᠷᠠᠯ ᠤᠨ ᠲᠥᠯᠥᠪᠯᠡᠭᠡ︾᠎ ᠶᠢ ᠴᠢᠩᠭ᠎ᠠ ᠬᠡᠷᠡᠭᠵᠢᠭᠦᠯᠵᠦ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠴᠢᠳᠠᠪᠤᠷᠢᠲᠠᠨ ᠤ ᠰᠠᠭᠤᠷᠢ ᠶᠢ ᠴᠣᠭᠴᠠᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号