ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 153 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/21
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 153 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ᠂ ᠲᠤᠭᠤᠷᠢᠭ ᠤᠨ ᠨᠠᠮ ᠤᠨ ᠬᠤᠷᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ᠂ ᠲᠤᠭᠤᠷᠢᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 7 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠤᠨ 2025 ᠣᠨ ᠤ 7 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠠᠤᠭ᠎ᠠ ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠶ᠎ᠠ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠮᠠᠨ ᠤ ᠲᠤᠭᠤᠷᠢᠭ ᠤᠨ ᠬᠠᠷᠢᠴᠠᠩᠭᠤᠢ ᠳᠠᠪᠠᠭᠤᠯᠢᠭ ᠢ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ︔ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠪᠣᠬᠢᠷᠲᠤᠯ ᠦᠭᠡᠢ ᠠᠮᠢ ᠠᠬᠤᠢ ᠶᠢᠨ ᠭᠡᠷ ᠣᠷᠣᠨ ᠢ ᠬᠠᠮᠲᠤᠪᠠᠷ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠨᠡᠶᠢᠭᠡᠮ ᠤᠨ ᠠᠵᠢᠯ ᠤᠨ ᠤᠯᠤᠰ ᠲᠦᠷᠦ ᠶᠢᠨ ᠰᠢᠨᠵᠢ ᠴᠢᠨᠠᠷ ᠢ ᠭᠦᠨᠵᠡᠭᠡᠢ ᠲᠠᠨᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠪᠣᠳᠠᠲᠠᠢ ᠳᠤ ᠰᠠᠭᠤᠷᠢᠯᠠᠵᠤ᠂ ᠨᠡᠶᠢᠭᠡᠮ ᠤᠨ ᠠᠵᠢᠯ ᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠠᠮᠢ ᠠᠬᠤᠢ ᠶᠢᠨ ᠵᠠᠰᠠᠯᠲᠠ᠂ ᠬᠤᠳᠠ ᠬᠥᠳᠡᠭᠡ ᠶᠢ ᠠᠭᠤᠰᠤᠯᠴᠠᠭᠤᠯᠬᠤ᠂ ᠠᠷᠠᠳ ᠤᠨ ᠠᠮᠢᠳᠤᠷᠠᠯ ᠤᠨ ᠵᠣᠯ ᠵᠢᠷᠭᠠᠯ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠭᠤᠰᠬᠠᠬᠤ ᠬᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠥᠪᠴᠢ ᠪᠠᠨ ᠢᠮᠠᠭᠲᠠ ᠴᠢᠩᠭᠠᠷᠠᠭᠤᠯᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠶᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠠᠳᠬᠤᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号