ᠬᠡᠷ ᠤᠨ ᠡᠭᠦᠳᠡᠨ ᠳᠤ ᠠᠵᠢᠯ ᠤᠯᠬᠤ ᠪᠣᠯ ᠬᠥᠳᠡᠯᠮᠦᠷᠢᠴᠢᠳ ᠤᠨ ᠳᠥᠭᠦᠮ ᠳᠥᠲᠡ ᠠᠮᠢᠳᠤᠷᠠᠯ ᠤᠨ ᠲᠤᠬᠠᠶ | ᠬᠦᠰᠡᠯ ᠡᠷᠡᠮᠡᠯᠵᠡᠯ ᠪᠣᠯᠬᠤ ᠪᠠᠷ ᠪᠠᠷᠠᠬᠤ ᠥᠬᠡᠶ᠂ ᠨᠠᠩ ᠴᠤ ᠬᠤᠲᠠ ᠶᠢᠨ ᠨᠡᠶᠢᠭᠡᠮ ᠲᠣᠭᠤᠷᠢᠭ ᠤᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠤ ᠠᠮᠢᠳᠤᠯᠢᠭ ᠢᠯᠡᠷᠡᠯ ᠪᠣᠯᠤᠨ᠎ᠠ᠃ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ | ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠬᠡᠷ ᠤᠨ ᠡᠭᠦᠳᠡᠨ ᠳᠤ ᠠᠵᠢᠯ ᠣᠯᠭᠤᠬᠤ | ᠲᠥᠷᠥᠯ ᠵᠤᠶᠢᠯ︾ ᠤᠨ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠢ ᠠᠮᠵᠢᠯᠲᠠ ᠲᠠᠢ ᠡᠷᠭᠢᠯᠡᠵᠦ᠂ ᠬᠠᠷᠢᠶᠠᠲᠤ | ᠣᠷᠣᠨ ᠤ ᠰᠠᠭᠤᠭᠠᠯᠢ ᠠᠷᠠᠳ ᠲᠤ ᠦᠨᠡᠨ ᠪᠣᠳᠠᠲᠠᠶ ᠠᠵᠢᠯ ᠣᠯᠭᠤᠯᠲᠠ ᠶᠢᠨ ᠠᠰᠠᠷᠠᠮᠵᠢ ᠪᠠ ᠬᠥᠭᠵᠢᠯᠲᠡ ᠶᠢᠨ | ᠠᠵᠠ ᠲᠣᠬᠢᠶᠠᠯ ᠣᠯᠭᠤᠭᠰᠠᠨ ᠪᠠᠶᠢᠨ᠎ᠠ᠃ | | ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠠᠮᠢᠶ᠎ᠠ ᠪᠦᠬᠦᠢ ᠤᠳᠤᠷᠢᠳᠤᠯᠭ᠎ᠠ 20 ᠠᠵᠤ ᠠᠬᠤᠶᠢᠯᠠᠯ ᠠᠵᠢᠯ ᠦᠢᠯᠡᠰ ᠤᠨ ᠲᠥᠯᠥᠭᠡᠯᠡᠭᠴᠢ ᠲᠠᠢ | ᠵᠢᠩᠬᠢᠨᠢ ᠪᠠᠷ ᠭᠡᠷ᠎ᠡ ᠲᠣᠭᠲᠠᠪᠠ᠃ ᠶᠣᠰᠣᠯᠠᠯ ᠤᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ | ᠬᠥᠭᠵᠢᠶᠡᠨ ᠲᠠᠢ ᠪᠥᠭᠡᠳ ᠲᠥᠪ ᠬᠢᠴᠢᠶᠡᠩᠭᠦᠢ ᠪᠠᠶᠢᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠬᠠᠮᠢᠶ᠎ᠠ ᠪᠦᠬᠦᠢ ᠤᠳᠤᠷᠢᠳᠤᠯᠭ᠎ᠠ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ᠂ ᠠᠵᠤ ᠠᠬᠤᠶᠢᠯᠠᠯ ᠤᠨ | ᠲᠥᠯᠥᠭᠡᠯᠡᠭᠴᠢ ᠵᠢᠴᠢ ᠬᠡᠰᠡᠭ ᠰᠠᠭᠤᠭᠠᠯᠢ ᠠᠷᠠᠳ ᠤᠨ ᠲᠥᠯᠥᠭᠡᠯᠡᠭᠴᠢ ᠨᠢᠭᠡ ᠲᠠᠩᠬᠢᠮ ᠳᠤ ᠴᠤᠭᠯᠠᠷᠠᠵᠤ᠂ ᠡᠨᠡᠬᠦ | ᠴᠢᠬᠤᠯᠠ ᠴᠠᠭ ᠮᠥᠴᠡ ᠶᠢ ᠬᠠᠮᠲᠤ ᠪᠠᠷ ᠭᠡᠷᠡᠴᠢᠯᠡᠪᠡ᠃ | | | | ᠲᠣᠰ ᠤᠳᠠᠭᠠᠨ ᠤ ᠬᠡᠷ ᠤᠨ ᠡᠭᠦᠳᠡᠨ ᠳᠤ ᠠᠵᠢᠯ ᠤᠯᠬᠤ ᠲᠥᠷᠥᠯ ᠵᠤᠶᠢᠯ ᠤᠨ ᠵᠠᠩᠭᠢᠯᠠᠭ᠎ᠠ ᠨᠢ ︽ᠬᠥᠭᠦᠷᠭᠡ | ᠬᠤᠯᠪᠣᠭᠠᠰᠤ︾ ᠪᠤᠯᠵᠤ᠂ ᠨᠢᠭᠡ ᠲᠠᠯ᠎ᠠ ᠪᠠᠷ ᠥᠷᠭᠡᠨ ᠠᠭᠤᠳᠠᠮ ᠵᠠᠬ᠎ᠠ ᠳᠡᠯᠭᠡᠭᠦᠷ ᠲᠠᠢ ᠬᠤᠯᠪᠣᠯᠳᠤᠵᠤ᠂ ᠰᠠᠭᠤᠭᠠᠯᠢ | ᠠᠷᠠᠳ ᠤᠨ ᠭᠠᠷ ᠤᠷᠠᠯᠠᠯ ᠤᠨ ᠪᠦᠲᠦᠭᠡᠭᠳᠡᠬᠦᠨ ᠢ ᠬᠠᠪᠰᠤᠷᠤᠨ ᠪᠣᠷᠣᠯᠠᠭᠤᠯᠬᠤ ᠵᠠᠮ ᠡᠷᠢᠵᠦ᠂ ᠲᠡᠳᠡᠨ ᠤ ᠬᠦᠴᠦ | ᠬᠥᠳᠡᠯᠮᠦᠷᠢ ᠶᠢ ᠦᠨᠡᠨ ᠪᠣᠳᠠᠲᠠᠶ ᠣᠷᠣᠯᠭ᠎ᠠ ᠪᠣᠯᠭᠠᠨ ᠬᠤᠪᠢᠷᠠᠭᠤᠯᠪᠠ︔ ᠨᠥᠭᠦᠭᠡ ᠲᠠᠯ᠎ᠠ ᠪᠠᠷ ᠰᠠᠭᠤᠭᠠᠯᠢ ᠠᠷᠠᠳ ᠢ | ᠬᠠᠪᠰᠤᠷᠤᠨ ᠠᠵᠢᠯ ᠤᠨ ᠪᠠᠶᠢᠷᠢ ᠳᠤ ᠭᠠᠷᠭᠠᠵᠤ᠂ ᠭᠡᠷ ᠤᠨ ᠡᠭᠦᠳᠡᠨ ᠳᠤ ᠪᠠᠨ ᠠᠵᠢᠯ ᠣᠯᠵᠤ ᠳᠡᠶᠢᠯᠬᠦ ᠬᠠᠷᠠᠯᠲᠠ ᠶᠢ | ᠪᠡᠶᠡᠯᠡᠭᠦᠯᠪᠡ᠃ 4 ᠰᠠᠷ᠎ᠠ ᠶᠢᠨ ᠳᠤᠮᠳᠠᠴᠢ ᠠᠴᠠ ᠡᠬᠢᠯᠡᠨ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠳᠥᠷᠪᠡᠨ ᠰᠠᠷ᠎ᠠ ᠳᠠᠷᠠᠭᠠᠯᠠᠨ ᠭᠠᠷᠠᠭ ᠪᠦᠷᠢ ᠨᠢᠭᠡ ᠬᠤᠭᠤᠴᠠᠭᠠᠨ ᠤ ᠭᠠᠷ ᠤᠷᠠᠯᠠᠯ ᠤᠨ | ᠪᠦᠲᠦᠭᠡᠭᠳᠡᠬᠦᠨ ᠦᠢᠯᠡᠳᠬᠦ ᠪᠣᠯᠪᠠᠰᠤᠷᠠᠯ ᠢ ᠥᠷᠨᠢᠭᠦᠯᠵᠦ᠂ ᠵᠢᠱᠢᠯᠲᠡ ᠪᠠᠷ 1000 ᠭᠠᠷᠤᠶ ᠬᠥᠮᠦᠨ ᠤᠳᠠᠭ᠎ᠠ ᠳᠤ | ᠠᠰᠢᠭ ᠬᠦᠷᠲᠡᠭᠡᠵᠦ᠂ ᠪᠣᠯᠪᠠᠰᠤᠷᠠᠭᠤᠯᠤᠯ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ | ᠪᠠᠶᠢᠵᠤ᠂ ᠣᠯᠠᠨ ᠵᠦᠢᠯ ᠤᠨ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠤᠷ᠎ᠠ ᠮᠡᠷᠭᠡᠵᠢᠯ ᠢ ᠬᠠᠮᠤᠷᠴᠤ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠠᠪᠰᠤᠷᠤᠨ ᠨᠢᠭᠡ ᠵᠦᠢᠯ ᠤᠨ ᠮᠡᠷᠭᠡᠵᠢᠯ ᠢ ᠡᠵᠡᠮᠰᠢᠭᠦᠯᠵᠦ᠂ ᠠᠵᠢᠯ | ᠤᠯᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠲᠥᠯᠥᠭᠡ ᠶᠤᠮ᠃ | | | | ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰ ᠲᠥᠷᠥᠯ ᠵᠤᠶᠢᠯ ᠤᠨ ᠳᠤᠮᠳᠠ | ᠵᠠᠬᠤᠴᠢ ᠤᠶᠢᠯᠡᠳᠣᠯ ᠢᠶᠠᠨ ᠭᠦᠢᠴᠡᠤᠡ ᠪᠠᠳᠠᠷᠠᠬᠤᠯᠪᠠ᠃ ᠭᠡᠷ᠎ᠡ ᠲᠣᠭᠲᠠᠭᠰᠠᠨ ᠨᠢᠭᠡᠴᠡ ᠲᠥᠪᠯᠡᠷᠡᠭᠦᠯᠦᠨ | ᠬᠤᠳᠠᠯᠳᠤᠨ ᠠᠪᠴᠤ ᠪᠣᠯᠪᠠᠰᠤᠷᠠᠭᠤᠯᠤᠯ ᠳᠤᠮᠳᠠᠬᠢ ᠭᠠᠷ ᠤᠷᠠᠯᠠᠯ ᠤᠨ ᠪᠦᠲᠦᠭᠡᠭᠳᠡᠬᠦᠨ ᠢ ᠬᠤᠳᠠᠯᠳᠤᠨ ᠠᠪᠴᠤ᠂ | ᠰᠠᠭᠤᠭᠠᠯᠢ ᠠᠷᠠᠳ ᠲᠤ ︽ᠦᠢᠯᠡᠳᠪᠦᠷᠢᠯᠡᠯ ᠪᠣᠷᠣᠯᠠᠭᠤᠯᠤᠯᠲᠠ︾ ᠶᠢᠨ ᠬᠥᠭᠦᠷᠭᠡ ᠶᠢ ᠪᠠᠶᠢᠭᠤᠯᠵᠤ ᠥᠭᠭᠦᠨ᠎ᠡ᠃ | ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠬᠠᠯᠠᠭᠤᠨ ᠰᠡᠳᠬᠢᠯᠲᠦ ᠬᠥᠮᠦᠰ ᠴᠦ ︽ᠠᠵᠢᠯ | ᠣᠯᠭᠤᠯᠲᠠ ᠶᠢᠨ ᠰᠠᠯᠪᠤᠷᠢ ᠪᠠᠭ᠎ᠠ ᠠᠩᠭᠢ︾ ᠶᠢ ᠪᠦᠷᠢᠯᠳᠦᠭᠦᠯᠵᠦ᠂ ᠭᠠᠷᠠᠭ ᠤᠨ ᠵᠢᠷᠭᠤᠭᠠᠨ ᠤ ᠡᠳᠦᠷ ᠤᠨ | ᠠᠵᠢᠯ ᠤᠨ ᠴᠢᠯᠥᠭᠡᠨ ᠤ ᠴᠠᠭ ᠢ ᠠᠰᠢᠭᠯᠠᠨ ᠴᠡᠴᠡᠷᠯᠢᠭ᠂ ᠠᠭᠤᠳᠠᠮ ᠲᠠᠯᠠᠪᠠᠶ᠂ ᠦᠬᠠᠶ ᠨᠠᠭᠤᠷ ᠵᠡᠷᠭᠡ ᠬᠥᠮᠦᠰ | ᠬᠤᠷᠠᠨ ᠴᠤᠭᠯᠠᠷᠠᠭᠰᠠᠨ ᠭᠠᠵᠠᠷ ᠲᠤ ᠬᠦᠷᠴᠦ ᠬᠠᠪᠰᠤᠷᠤᠨ ᠬᠤᠳᠠᠯᠳᠤᠵᠤ᠂ ᠦᠢᠯᠡᠳᠬᠦᠨ ᠤ ᠪᠣᠷᠣᠯᠠᠭᠤᠯᠭ᠎ᠠ ᠶᠢᠨ | ᠠᠷᠭ᠎ᠠ ᠵᠠᠮ ᠢ ᠥᠷᠭᠡᠳᠬᠡᠬᠦ ᠳᠤ ᠬᠦᠴᠦᠨ ᠨᠡᠮᠡᠷᠢᠯᠡᠨ᠎ᠡ᠃ ᠡᠨᠡ ᠬᠦ ᠠᠷᠭ᠎ᠠ ᠬᠡᠮᠵᠢᠶ᠎ᠡ ᠨᠢ ︽ᠡᠬᠢ ᠪᠠᠶᠠᠯᠢᠭ ᠤᠨ | ᠨᠠᠶᠢᠵᠠ ᠶᠢᠨ ᠲᠣᠭᠤᠷᠢᠭ︾ ᠢ ᠥᠷᠭᠡᠳᠬᠡᠭᠰᠡᠨ ᠢᠶᠠᠷ ᠪᠠᠷᠠᠬᠤ ᠥᠬᠡᠶ ᠪᠠᠰᠠ ︽ᠨᠡᠶᠢᠭᠡᠮ ᠲᠣᠭᠤᠷᠢᠭ ᠤᠨ ᠪᠠᠯᠠ | ᠮᠥᠩᠭᠦ ᠶᠢᠨ ᠬᠥᠮᠥᠷᠭᠡ︾ ᠶᠢ ᠴᠢᠩᠭᠠᠷᠠᠭᠤᠯᠵᠤ᠂ ᠠᠵᠢᠯ ᠣᠯᠭᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠡᠶ᠃ | ᠡᠨᠡ ᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠬᠡᠷ ᠤᠨ ᠡᠭᠦᠳᠡᠨ ᠳᠤ ᠪᠠᠨ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠬᠠᠮᠲᠤ ᠨᠡᠶᠢᠭᠡᠮ ᠲᠣᠭᠤᠷᠢᠭ ᠤᠨ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | | | | ᠠᠵᠢᠯ ᠣᠯᠭᠤᠯᠲᠠ ᠳᠤ᠂ ᠨᠢᠭᠡ ᠲᠠᠯ᠎ᠠ ᠪᠠᠷ ᠠᠵᠤ ᠠᠬᠤᠢ ᠶᠢᠨ ᠶᠡᠭᠡ ᠶᠠᠪᠤᠳᠠᠯ ᠲᠠᠢ ᠬᠤᠯᠪᠣᠯᠳᠤᠵᠤ᠂ ᠨᠦᠭᠦᠭᠡ | ᠲᠠᠯ᠎ᠠ ᠪᠠᠷ ᠠᠷᠠᠳ ᠤᠨ ᠠᠮᠢᠳᠤᠷᠠᠯ ᠤᠨ ᠬᠦᠴᠢᠷ ᠵᠣᠪᠠᠭᠤᠷᠢ ᠲᠠᠢ ᠬᠤᠯᠪᠣᠭᠳᠠᠵᠤ ᠪᠠᠶᠢᠳᠠᠭ᠃ ᠬᠠᠶᠢᠷᠤᠪ ᠤᠨ | ᠲᠤᠬᠤᠢ ᠲᠣᠭᠤᠷᠢᠭ ᠤᠨ ᠬᠢᠨ ᠨᠡᠩ ᠤᠯᠠᠨ ᠭᠡᠷ ᠤᠨ ᠡᠭᠦᠳᠡᠨ ᠳᠠᠬᠢ ᠠᠵᠢᠯ ᠣᠯᠭᠤᠯᠲᠠ ᠶᠢᠨ ᠵᠠᠭᠪᠤᠷ ᠢ | ᠦᠷᠭᠦᠯᠵᠢᠯᠡᠨ ᠰᠦᠪᠡᠭᠴᠢᠯᠡᠵᠦ᠂ ᠠᠵᠢᠯ ᠣᠯᠭᠤᠯᠲᠠ ᠶᠢᠨ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ | ᠬᠤᠳᠠ ᠶᠢᠨ ᠠᠷᠠᠳ ᠤᠨ ᠠᠵᠢᠯ ᠣᠯᠭᠤᠯᠲᠠ ᠶᠢᠨ ᠶᠠᠰᠤ ᠴᠢᠨᠠᠷ ᠪᠣᠯᠤᠨ ᠠᠮᠢᠳᠤᠷᠠᠯ ᠤᠨ ᠲᠦᠪᠰᠢᠨ ᠢ | ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠪᠣᠯᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ | ᠭᠦᠨᠵᠡᠭᠡᠢ ᠠᠭᠤᠰᠤᠯᠴᠠᠯ ᠢ ᠠᠬᠢᠭᠤᠯᠵᠤ᠂ ︽ᠭᠡᠷ ᠤᠨ ᠡᠭᠦᠳᠡ︾ ᠶᠢᠨ ᠠᠵᠢᠯ ᠣᠯᠭᠤᠯᠲᠠ ᠶᠢᠨ ᠠᠷᠭ᠎ᠠ ᠵᠠᠮ ᠢ | ᠪᠦᠬᠦ ᠬᠦᠴᠦᠨ ᠢᠶᠠᠷ ᠢᠶᠠᠨ ᠥᠷᠭᠡᠳᠬᠡᠵᠦ᠂ ᠬᠦᠴᠢᠷᠳᠡᠯᠲᠡᠢ ᠬᠥᠮᠦᠰ ᠤᠨ ᠠᠵᠢᠯ ᠣᠯᠭᠤᠯᠲᠠ ᠶᠢᠨ ᠰᠢᠨ᠎ᠡ ᠬᠦᠰᠡᠯ | ᠡᠷᠡᠮᠡᠯᠵᠡᠯ ᠢ ᠭᠡᠷᠡᠯᠲᠦᠭᠦᠯᠦᠨ᠎ᠡ᠃ | |