ᠣᠶᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠣᠬᠤᠶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ | ᠶᠡᠭᠡ ᠠᠩᠭᠢ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠮᠡᠷᠭᠡᠵᠢᠯᠲᠡᠨ᠂ ᠴᠠᠬᠢᠯᠭᠠᠨ ᠤ ᠲᠤᠰᠬᠠᠶ | ᠮᠡᠷᠭᠡᠵᠢᠯᠲᠡᠨ᠂ ᠰᠢᠲᠠᠮᠠᠬᠠᠶ ᠬᠡᠶ ᠶᠢᠨ ᠲᠤᠰᠬᠠᠶ ᠮᠡᠷᠭᠡᠵᠢᠯᠲᠡᠨ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠠᠵᠢᠯᠲᠠᠨ ᠵᠢᠴᠢ ᠲᠤᠰᠬᠠᠶ ᠮᠡᠷᠭᠡᠵᠢᠯ ᠤᠨ ᠬᠥᠮᠦᠰ ᠬᠠᠮᠵᠢᠯᠴᠠᠨ ᠬᠦᠴᠦᠯᠡᠵᠦ᠂ ᠰᠢᠯᠢᠳᠡᠭ ᠭᠤᠤᠯᠯᠠᠭᠴᠢ | ᠬᠦᠴᠦᠨ ᠢᠶᠠᠨ ᠲᠥᠪᠯᠡᠷᠡᠭᠦᠯᠦᠨ᠂ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶᠠᠲᠤ ᠣᠷᠣᠨ ᠤ | ᠳᠣᠲᠣᠷᠠᠬᠢ 5 ᠨᠠᠰᠤᠵᠢᠯ ᠤᠨ ᠪᠠᠶᠢᠭᠤᠯᠤᠮᠵᠢ ᠳᠤ ᠨᠢᠭᠡ ᠤᠳᠠᠭᠠᠨ ᠤ ᠪᠥᠬᠦ ᠲᠠᠯ᠎ᠠ ᠶᠢᠨ᠂ ᠥᠨᠴᠥᠭ ᠪᠤᠯᠤᠩ ᠥᠬᠡᠶ | ︽ᠠᠮᠤᠷ ᠲᠦᠪᠰᠢᠨ ᠤ ᠪᠠᠶᠢᠴᠠᠭᠠᠯᠲᠠ︾ ᠶᠢᠨ ᠠᠵᠢᠯᠯᠠᠭ᠎ᠠ ᠥᠷᠨᠢᠭᠦᠯᠵᠦ᠂ ᠨᠠᠰᠤᠵᠢᠯ ᠤᠨ ᠪᠠᠶᠢᠭᠤᠯᠤᠮᠵᠢ ᠶᠢᠨ | ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ | ᠨᠠᠰᠤᠲᠠᠶᠢᠴᠤᠳ ᠤᠨ ᠠᠮᠢᠳᠤᠷᠠᠯ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠪᠠ᠃ | ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ 75 ᠵᠦᠢᠯ ᠤᠨ ᠠᠮᠤᠷ ᠲᠦᠪᠰᠢᠨ ᠤ ᠳᠠᠯᠳᠠ ᠬᠡᠮ ᠤᠨ | ᠠᠰᠠᠭᠤᠳᠠᠯ ᠢ ᠢᠯᠡᠷᠡᠭᠦᠯᠪᠡ᠃ ᠪᠠᠶᠢᠴᠠᠭᠠᠬᠤ ᠳᠤᠭᠤᠶᠢᠯᠠᠩ ᠤᠨ ᠬᠢᠨ ︽ᠪᠠᠷᠢᠨ ᠪᠠᠶᠢᠴᠠᠭᠠᠵᠤ ᠪᠠᠷᠢᠨ ᠥᠭᠡᠷᠡᠴᠢᠯᠡᠬᠦ︾ | ᠵᠠᠷᠴᠢᠮ ᠢ ᠪᠠᠷᠢᠮᠲᠠᠯᠠᠵᠤ᠂ ᠲᠤᠬᠠᠢ ᠶᠢᠨ ᠲᠠᠯᠠᠪᠠᠢ ᠳᠤ 7 ᠵᠦᠢᠯ ᠤᠨ ᠭᠡᠮ ᠰᠣᠭᠤᠭ ᠢ ᠴᠡᠭᠴᠡᠯᠡᠨ | ᠰᠠᠶᠢᠵᠢᠷᠠᠭᠤᠯᠬᠤ ᠳᠤ ᠬᠢᠨᠠᠯᠲᠠ ᠲᠠᠯᠪᠢᠪᠠ︔ ᠪᠤᠰᠤᠳ 68 ᠵᠦᠢᠯ ᠤᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ | ᠰᠠᠶᠢᠵᠢᠷᠠᠭᠤᠯᠬᠤ ᠬᠤᠭᠤᠴᠠᠭ᠎ᠠ᠂ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ ᠴᠡᠭᠴᠡᠯᠡᠨ ᠰᠠᠶᠢᠵᠢᠷᠠᠭᠤᠯᠬᠤ | ᠪᠠᠷᠢᠮᠵᠢᠶ᠎ᠠ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠡᠯ᠎ᠡ ᠨᠠᠰᠤᠵᠢᠯ ᠤᠨ ᠪᠠᠶᠢᠭᠤᠯᠤᠮᠵᠢ ᠶᠢ ᠲᠣᠭᠲᠠᠭᠰᠠᠨ | ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠵᠠᠯᠭᠠᠭᠠᠳ ᠪᠠᠰᠠ ᠵᠣᠬᠢᠶᠠᠨ ᠪᠠᠶᠢᠭᠤᠯᠵᠤ ᠲᠠᠬᠢᠨ ᠪᠠᠶᠢᠴᠠᠭᠠᠵᠤ᠂ | ᠠᠰᠠᠭᠤᠳᠠᠯ ᠲᠠᠬᠢᠨ ᠢᠯᠡᠷᠡᠬᠦ ᠦᠭᠡᠢ᠂ ᠭᠡᠮ ᠰᠣᠭᠤᠭ ᠢ ᠪᠦᠬᠦᠨ ᠢ ᠠᠷᠢᠯᠭᠠᠬᠤ ᠶᠢ ᠪᠠᠳᠤᠯᠠᠬᠤ ᠬᠡᠷᠡᠭᠲᠡᠢ ᠭᠡᠵᠦ | ᠱᠠᠭᠠᠷᠳᠠᠪᠠ᠃ | |