ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ | ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 4 ᠳ᠋ᠦ᠋ᠭᠡᠷ | ᠤᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠠᠶᠢᠷᠤᠪ ᠤᠨ | ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠭᠤᠤ ᠸᠧᠨ ᠵᠧᠩ ᠬᠤᠷᠠᠯ ᠢ ᠡᠷᠬᠢᠯᠡᠵᠦ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ ᠤᠨ ᠪᠦᠷᠢᠯᠳᠦᠬᠦᠨ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠪᠠᠭ ᠤᠨ ᠪᠦᠷᠢᠯᠳᠦᠬᠦᠨ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠪᠣᠯᠤᠨ ᠵᠠᠯᠠᠭᠤ ᠰᠠᠯᠠᠭᠠᠨ ᠲᠡᠰ ᠤᠨ ᠺᠠᠳ᠋ᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠦᠬᠠᠶ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠤᠯᠢ ᠶᠢᠨ | ᠤᠬᠠᠭᠠᠨ ᠪᠠ ᠬᠠᠮᠢᠶᠠᠷᠤᠯᠲᠠ ᠶᠢᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠭᠤᠸ᠎ᠠ ᠪᠠᠭᠰᠢ ᠶᠢ | ᠤᠷᠢᠵᠤ᠂ ︽ᠬᠡᠷᠡᠭ ᠢᠶᠠᠷ ᠲᠣᠯᠢ ᠪᠣᠯᠭᠠᠬᠤ ᠶᠢ ᠪᠠᠷᠢᠮᠲᠠᠯᠠᠨ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ | ᠪᠠᠲᠤ ᠴᠣᠭᠴᠠᠯᠠᠶ᠎ᠠ - ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ︾ | ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠯᠭᠡᠵᠡᠶ᠃ ᠲᠠᠶᠢᠯᠤᠮᠵᠢ ᠶᠢᠨ ᠠᠭᠤᠯᠭ᠎ᠠ ᠨᠢ ᠲᠥᠪ ᠤᠨ ᠨᠠᠢᠮᠠᠨ | ᠲᠣᠭᠲᠠᠭᠠᠯ ᠤᠨ ᠲᠣᠭᠤᠷᠢᠨ ᠳᠤ ᠪᠣᠳᠠᠲᠠᠢ ᠠᠷᠭ᠎ᠠ ᠬᠡᠮᠵᠢᠶ᠎ᠡ᠂ ᠬᠤᠷᠠᠮᠳᠤᠭᠤᠯᠤᠭᠰᠠᠨ ᠠᠮᠵᠢᠯᠲᠠ ᠲᠠᠢ ᠲᠤᠷᠰᠢᠯᠭ᠎ᠠ | ᠪᠣᠯᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠡᠷᠬᠢᠨ ᠪᠠᠶᠢᠭᠤᠯᠬᠤ ᠵᠡᠷᠭᠡ ᠲᠠᠯ᠎ᠠ ᠪᠠᠷ ᠭᠦᠨᠵᠡᠭᠡᠢ | ᠪᠥᠭᠡᠳ ᠣᠶᠢᠯᠠᠭᠠᠮᠵᠢᠲᠠᠢ ᠵᠠᠳᠠᠯᠤᠯᠲᠠ ᠬᠢᠵᠦ᠂ ᠠᠭᠤᠯᠭ᠎ᠠ ᠨᠢ ᠪᠠᠶᠠᠯᠢᠭ᠂ ᠬᠡᠷᠡᠭ ᠤᠨ ᠵᠢᠱᠢᠶ᠎ᠡ ᠨᠢ ᠠᠮᠢᠳᠤᠯᠢᠭ | ᠪᠠᠶᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠢᠨᠠᠭᠰᠢᠳᠠ ᠰᠤᠷᠤᠯᠴᠠᠨ ᠣᠶᠢᠯᠠᠭᠠᠬᠤ ᠳᠤ ᠰᠡᠳᠬᠢᠴᠡ ᠪᠠ ᠠᠷᠭ᠎ᠠ ᠬᠡᠮᠵᠢᠶ᠎ᠡ ᠬᠠᠩᠭᠠᠵᠠᠢ᠃ | ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠤᠷᠤᠯᠴᠠᠯᠭ᠎ᠠ ᠬᠥᠮᠦᠵᠢᠯ ᠢ ᠨᠠᠮᠴᠢ ᠴᠢᠨᠠᠷ ᠢ | ᠳᠠᠪᠲᠠᠨ ᠪᠣᠯᠪᠠᠰᠤᠷᠠᠭᠤᠯᠬᠤ ᠲᠠᠢ ᠤᠶᠠᠯᠳᠤᠭᠤᠯᠬᠤ ᠬᠡᠷᠡᠭᠲᠡᠢ᠃ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠠᠴᠠ | ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠡᠵᠡᠮᠳᠡᠵᠦ᠂ ᠦᠵᠡᠯ ᠰᠠᠨᠠᠭᠠᠨ ᠤ | ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠡᠩ ᠶᠡᠭᠡ | ᠡᠷᠴᠢᠮ ᠪᠣᠯᠤᠨ ᠵᠣᠷᠢᠭ ᠢᠶᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ | ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠬᠤ ᠬᠡᠷᠡᠭᠲᠡᠶ᠃ ᠨᠠᠮ ᠤᠨ | ᠰᠢᠨ᠎ᠡ ᠶᠢ ᠡᠭᠦᠳᠬᠦ ᠤᠨᠤᠯ ᠤᠨ ᠰᠤᠳᠤᠯᠭᠠᠨ ᠤ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠰᠢᠢᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠠᠶᠢᠷᠤᠪ ᠤᠨ | ᠲᠤᠬᠤᠢ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ | ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠳᠤ ᠦᠢᠯᠡᠴᠢᠯᠡᠬᠦ ᠲᠠᠢ ᠤᠶᠠᠯᠳᠤᠭᠤᠯᠵᠤ᠃ ᠰᠤᠷᠤᠯᠴᠠᠯᠭ᠎ᠠ | ᠬᠥᠮᠦᠵᠢᠯ ᠲᠠᠢ ᠤᠶᠠᠯᠳᠤᠭᠤᠯᠤᠨ᠂ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠳᠡᠯᠭᠡᠵᠦ᠂ ᠰᠢᠯᠲᠠᠭᠠᠨ ᠢ ᠨᠢ | ᠵᠠᠳᠠᠯᠤᠨ᠂ ᠵᠢᠮ᠎ᠡ ᠶᠣᠰᠣ ᠶᠢ ᠲᠣᠳᠣᠷᠬᠠᠶ ᠣᠶᠢᠯᠠᠭᠠᠵᠤ᠂ ᠬᠡᠮ ᠰᠣᠭᠤᠭ ᠢ ᠨᠢ ᠡᠷᠢᠨ ᠭᠠᠷᠭᠠᠵᠤ᠂ ᠴᠡᠭᠴᠡᠯᠡᠨ | ᠰᠠᠶᠢᠵᠢᠷᠠᠭᠤᠯᠬᠤ ᠬᠠᠷᠠᠯᠲᠠ ᠪᠠᠨ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ | ᠴᠡᠭᠴᠡᠯᠡᠨ ᠰᠠᠶᠢᠵᠢᠷᠠᠭᠤᠯᠬᠤ ᠠᠬᠢᠴᠠ ᠶᠢ ᠳᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠲᠠᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠤᠯᠠᠨ ᠲᠦᠮᠡᠨ ᠤ ᠬᠢᠨᠠᠯᠲᠠ ᠦᠨᠡᠯᠡᠯᠲᠡ ᠶᠢ ᠤᠬᠠᠮᠰᠠᠷ ᠠᠴᠠ ᠪᠠᠨ | ᠬᠦᠯᠢᠶᠡᠵᠦ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠠᠷᠠᠳ ᠤᠯᠠᠨ ᠤ ᠮᠡᠳᠡᠷᠡᠭᠦᠯᠵᠦ ᠪᠣᠯᠬᠤᠶᠢᠴᠠ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠡᠭᠡᠷ᠎ᠡ ᠢᠯᠡᠷᠡᠭᠦᠯᠬᠦ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ | ᠡᠩᠨᠡᠭᠡᠨ ᠤ ᠪᠠᠶᠢᠭᠤᠯᠤᠯᠲᠠ ᠲᠠᠢ ᠤᠶᠠᠯᠳᠤᠭᠤᠯᠬᠤ ᠬᠡᠷᠡᠭᠲᠡᠢ᠃ ᠤᠳᠤᠷᠢᠳᠬᠤ ᠺᠠᠳ᠋ᠷ ᠲᠦᠷᠦᠭᠦᠯᠡᠨ ᠦᠯᠢᠭᠡᠷ | ᠳᠠᠭᠤᠷᠢᠶᠠᠯ ᠪᠤᠯᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠪᠠᠲᠤ ᠡᠭᠦᠷᠭᠡᠯᠡᠵᠦ᠂ ᠲᠦᠷᠦᠭᠦᠯᠡᠨ ᠲᠤᠰ ᠪᠡᠶ᠎ᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠬᠢᠵᠦ᠂ ᠲᠥᠪ ᠤᠨ | ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠭᠦᠷᠭᠡ ᠬᠠᠷᠢᠭᠤᠴᠠᠯᠭ᠎ᠠ ᠳᠠᠭᠠᠨ | ᠦᠨᠡᠨ ᠬᠦ ᠠᠭᠤᠰᠤᠯᠴᠠᠭᠤᠯᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ︔ ᠵᠠᠯᠠᠭᠤ ᠰᠠᠯᠠᠭᠠᠨ | ᠲᠡᠰ ᠤᠨ ᠺᠠᠳ᠋ᠷᠴᠤᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ | ᠰᠠᠨᠠᠭᠠᠴᠢᠯᠠᠭ᠎ᠠ ᠠᠴᠠ ᠪᠠᠨ ᠳᠦᠷᠢᠮ ᠲᠣᠭᠲᠠᠭᠠᠯ ᠢ ᠰᠤᠷᠤᠯᠴᠠᠨ ᠲᠦᠷᠢᠮ ᠲᠣᠭᠲᠠᠭᠠᠯ ᠢ ᠣᠶᠢᠯᠠᠭᠠᠵᠤ᠂ | ᠤᠬᠠᠮᠰᠠᠷ ᠠᠴᠠ ᠪᠠᠨ ᠲᠣᠭᠲᠠᠭᠠᠯ ᠤᠨ ᠱᠠᠭᠠᠷᠳᠠᠯᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ | ᠢᠯᠡᠷᠡᠭᠦᠯᠵᠦ᠂ ᠲᠥᠪ ᠴᠢᠬᠡᠴᠢ ᠰᠤᠷᠲᠠᠯ ᠢᠶᠠᠷ ᠠᠵᠢᠯ ᠬᠢᠵᠦ ᠦᠢᠯᠡᠰ ᠪᠤᠰᠬᠠᠬᠤ ᠢᠳᠡᠪᠬᠢ ᠬᠦᠴᠦᠨ ᠢ | ᠨᠢᠭᠲᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ | ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠠᠷ ᠢᠶᠠᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ | ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | |