4 ᠰᠠᠷ᠎ᠠ ᠶᠢᠨ 25 ᠤ ᠡᠳᠦᠷ᠂ ᠬᠠᠶᠢᠷᠤᠪ ᠤᠨ ᠲᠤᠬᠤᠢ ᠲᠣᠭᠤᠷᠢᠭ 2025 ᠣᠨ ᠤ ᠬᠠᠶᠢᠷᠤᠪ ᠤᠨ ᠲᠤᠬᠤᠢ | ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ | ᠠᠩᠬᠢ ᠡᠷᠬᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠳᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ ᠤᠨ ᠬᠠᠷᠢᠯᠴᠠᠬᠤ | ᠲᠣᠪᠴᠢᠶ᠎ᠠ ᠶᠢᠨ ᠤᠤᠯ ᠤᠨ ᠳᠡᠳ᠋ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠴᠧᠨ ᠴᠢᠩ ᠯᠢ ᠢ | ᠣᠨᠴᠠᠭᠠᠶᠢᠯᠠᠨ ᠤᠷᠢᠵᠤ ᠬᠢᠴᠢᠶᠡᠯ ᠤᠷᠤᠭᠤᠯᠪᠠ᠃ | | ᠪᠣᠯᠪᠠᠰᠤᠷᠠᠯ ᠤᠨ ᠶᠠᠪᠤᠴᠠ ᠳᠤ᠂ ᠲᠤᠰᠬᠠᠢ ᠮᠡᠷᠭᠡᠵᠢᠯ ᠤᠨ ᠡᠷᠬᠡ ᠰᠦᠷᠲᠦ ᠬᠠᠷᠠᠭᠠᠰᠤ ᠠᠴᠠ ᠰᠢᠨ᠎ᠡ ᠪᠠᠷ | ᠵᠠᠰᠠᠪᠤᠷᠢ ᠣᠷᠣᠭᠤᠯᠤᠭᠰᠠᠨ ᠲᠥᠯᠥᠭᠡᠯᠡᠭᠴᠢ ᠶᠢᠨ ᠬᠠᠤᠯᠢ ᠳᠤ ᠭᠦᠨᠵᠡᠭᠡᠢ ᠪᠥᠭᠡᠳ ᠨᠠᠷᠢᠨ ᠲᠠᠶᠢᠯᠤᠮᠵᠢ ᠬᠢᠵᠡᠢ᠃ | ᠬᠠᠤᠯᠢ ᠴᠠᠭᠠᠵᠠ ᠳᠤ ᠵᠠᠰᠠᠪᠤᠷᠢ ᠣᠷᠣᠭᠤᠯᠤᠭᠰᠠᠨ ᠴᠠᠭ ᠦᠶ᠎ᠡ ᠶᠢᠨ ᠠᠬᠤᠶ ᠪᠠᠶᠢᠳᠠᠯ᠂ ᠴᠢᠬᠤᠯᠠ ᠠᠴᠢ | ᠬᠤᠯᠪᠣᠭᠳᠠᠯ ᠠᠴᠠ ᠪᠣᠳᠠᠲᠠᠶ ᠵᠦᠢᠯ ᠵᠤᠷᠪᠤᠰ ᠤᠨ ᠠᠭᠤᠯᠤᠭᠳᠠᠬᠤᠨ ᠪᠠ ᠬᠡᠷᠡᠭᠯᠡᠭᠡᠨ ᠬᠦᠷᠲᠡᠯ᠎ᠡ᠂ ᠴᠧᠨ ᠴᠢᠩ ᠯᠢ | ᠱᠠᠲᠤ ᠱᠠᠲᠤ ᠪᠠᠷ ᠵᠠᠳᠠᠯᠤᠯᠲᠠ ᠬᠢᠵᠦ᠂ ᠲᠥᠯᠥᠭᠡᠯᠡᠭᠴᠢᠳ ᠲᠤ ᠬᠠᠤᠯᠢ ᠴᠠᠭᠠᠵᠠ ᠶᠢᠨ ᠴᠢᠬᠤᠯᠠ ᠠᠭᠤᠯᠭ᠎ᠠ ᠶᠢ | ᠣᠨᠣᠪᠴᠢᠲᠠᠶ ᠡᠵᠡᠮᠰᠢᠭᠦᠯᠪᠡ᠃ ᠴᠧᠨ ᠴᠢᠩ ᠯᠢ ᠵᠢᠭᠠᠵᠤ ᠭᠠᠷᠭᠠᠭᠰᠠᠨ ᠨᠢ᠂ ᠲᠥᠯᠥᠭᠡᠯᠡᠭᠴᠢ ᠶᠢᠨ ᠬᠠᠤᠯᠢ ᠳᠤ | ᠵᠠᠰᠠᠪᠤᠷᠢ ᠣᠷᠣᠭᠤᠯᠬᠤ ᠪᠣᠯ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠨᠡᠶᠢᠴᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠲᠡᠭᠦᠨ ᠤ | ᠭᠤᠣᠯᠳᠠᠯᠭ᠎ᠠ ᠨᠢ ᠲᠥᠯᠥᠭᠡᠯᠡᠭᠴᠢᠳ ᠤᠨ ᠡᠷᠬᠡ ᠬᠠᠷᠢᠭᠤᠴᠠᠯᠭ᠎ᠠ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠪᠠᠲᠤᠯᠠᠭ᠎ᠠ ᠶᠢ ᠲᠡᠭᠦᠯᠳᠡᠷᠵᠢᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ | ᠵᠢᠷᠤᠮᠵᠢᠭᠤᠯᠬᠤ ᠳᠤ ᠪᠤᠢ᠃ | | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠭᠠᠩ ᠴᠧᠨ ᠴᠢᠩ | ᠯᠢ ᠶᠢᠨ ᠭᠤᠶᠢᠳᠠ ᠰᠠᠶᠢᠬᠠᠨ ᠬᠢᠴᠢᠶᠡᠯᠯᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠲᠤᠰ ᠤᠳᠠᠭ᠎ᠠ ᠶᠢᠨ | ᠪᠣᠯᠪᠠᠰᠤᠷᠠᠯ ᠤᠨ ᠠᠭᠤᠯᠭ᠎ᠠ ᠪᠠᠶᠠᠯᠢᠭ ᠪᠣᠳᠠᠲᠤ ᠬᠡᠷᠡᠭᠴᠡᠭᠡ ᠲᠠᠢ ᠪᠠᠶᠢᠵᠤ᠂ ᠲᠥᠯᠥᠭᠡᠯᠡᠭᠴᠢᠳ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ | ᠭᠡᠵᠦ ᠵᠢᠭᠠᠵᠤ ᠭᠠᠷᠭᠠᠪᠠ᠃ ᠲᠡᠷᠡ ᠲᠥᠯᠥᠭᠡᠯᠡᠭᠴᠢᠳ ᠪᠣᠯᠪᠠᠰᠤᠷᠠᠯ ᠤᠨ ᠮᠡᠳᠡᠯᠭᠡ ᠪᠠᠨ ᠨᠠᠷᠢᠨ ᠬᠢᠨᠠᠮᠠᠭᠠᠢ ᠰᠢᠩᠭᠡᠭᠡᠵᠦ᠂ | ︽ᠲᠥᠯᠥᠭᠡᠯᠡᠭᠴᠢᠳ ᠤᠨ ᠬᠠᠤᠯᠢ︾ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠨ ᠵᠢᠷᠤᠮᠯᠠᠯ ᠪᠣᠯᠭᠠᠵᠤ᠂ ᠰᠤᠷᠴᠤ | ᠬᠡᠷᠡᠭᠯᠡᠬᠦ ᠶᠢ ᠡᠳᠦᠷ ᠲᠤᠳᠤᠮ ᠤᠨ ᠠᠵᠢᠯ ᠳᠠᠭᠠᠨ ᠬᠡᠷᠡᠭᠯᠡᠵᠦ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ | ᠤᠯᠠᠨ ᠲᠦᠮᠡᠨ ᠲᠠᠢ ᠨᠢᠭᠲᠠ ᠬᠠᠷᠢᠯᠴᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ | ᠪᠠᠳᠠᠷᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠰᠢᠨ᠎ᠡ ᠦᠨᠳᠦᠷᠴᠡ ᠳᠤ ᠭᠠᠷᠬᠤ ᠶᠢ ᠠᠬᠢᠭᠤᠯᠬᠤ ᠶᠢ ᠬᠦᠰᠡᠪᠡ᠃ | | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠲᠥᠯᠥᠭᠡᠯᠡᠭᠴᠢᠳ ᠬᠠᠤᠯᠢ ᠴᠠᠭᠠᠵᠠ ᠶᠢᠨ ᠤᠬᠠᠮᠰᠠᠷ ᠢᠶᠠᠨ | ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠤᠨ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠳᠠᠭᠠᠨ ᠨᠠᠩ ᠭᠦᠨᠵᠡᠭᠡᠶ | ᠲᠠᠨᠢᠯᠲᠠ ᠲᠠᠢ ᠪᠣᠯᠪᠠ᠃ ᠣᠯᠠᠨ ᠢᠶᠠᠷ ᠢᠶᠠᠨ᠂ ᠪᠣᠯᠪᠠᠰᠤᠷᠠᠭᠤᠯᠤᠯ ᠤᠨ ᠰᠣᠷᠣᠭᠰᠠᠨ ᠮᠡᠳᠡᠯᠭᠡ ᠪᠠᠨ ᠲᠤᠰᠢᠶᠠᠯ | ᠬᠠᠷᠢᠭᠤᠴᠠᠯᠭ᠎ᠠ ᠪᠠᠨ ᠪᠣᠳᠠᠲᠠᠶ ᠭᠦᠢᠴᠡᠳᠭᠡᠬᠦ ᠳᠤᠮᠳᠠ ᠬᠡᠷᠡᠭᠯᠡᠵᠦ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠢᠳᠡᠪᠬᠢᠲᠡᠢ ᠲᠤᠰᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ ᠤᠶᠢᠯᠡᠳᠤᠯ ᠢ ᠭᠦᠢᠴᠡᠳ ᠪᠠᠳᠠᠷᠠᠭᠤᠯᠵᠤ᠂ | ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠣᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | |