ᠬᠠᠮᠤᠭ ᠤᠨ ᠰᠢᠨ᠎ᠡ︕ ᠬᠠᠶᠢᠷᠤᠪ ᠤᠨ ᠲᠣᠬᠤᠢ ᠲᠣᠭᠤᠷᠢᠭ ᠤᠨ ᠲᠤᠰᠢᠶᠠᠯ ᠳᠤ ᠲᠤᠮᠢᠯᠠᠵᠤ ᠲᠤᠰᠢᠶᠠᠯ ᠠᠴᠠ ᠨᠢ ᠪᠠᠭᠤᠯᠭᠠᠬᠤ ᠨᠡᠷᠡᠰ 
ᠨᠡᠶᠢᠲᠡᠯᠡᠭᠰᠡᠨ ᠴᠠᠭ᠄
2025/4/28
    4 ᠰᠠᠷ᠎ᠠ ᠶᠢᠨ 27 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠬᠤᠷᠠᠯ ᠳᠤ ᠣᠷᠣᠯᠴᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠭᠠᠩ ᠬᠤᠷᠠᠯ ᠢ ᠡᠷᠬᠢᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠵᠢᠴᠢ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠠᠤᠭ᠎ᠠ ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ︔ ︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠵᠥᠪᠯᠡᠯ ᠤᠨ 2024 ᠣᠨ ᠤ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︾᠂ ︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾᠂ ︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ︾᠂ ︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠡᠷᠡᠭᠦᠦ ᠶᠢᠨ ᠬᠡᠷᠡᠭ ᠢ ᠪᠠᠶᠢᠴᠠᠭᠠᠬᠤ ᠬᠢᠨᠠᠯᠲᠠ ᠲᠠᠯᠪᠢᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ︾ ᠵᠡᠷᠭᠡ ᠬᠠᠮᠢᠶ᠎ᠠ ᠪᠦᠬᠦᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠠ᠃    ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠲᠤᠰᠢᠶᠠᠯ ᠳᠤ ᠲᠣᠮᠢᠯᠠᠭᠰᠠᠨ ᠺᠠᠳ᠋ᠷᠴᠤᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠭᠰᠠᠨ ᠪᠥᠭᠡᠳ ᠲᠤᠰᠢᠶᠠᠯ ᠳᠤ ᠲᠣᠮᠢᠯᠠᠭᠳᠠᠭᠰᠠᠨ ᠨᠥᠬᠦᠳ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠵᠣᠬᠢᠶᠠᠨ ᠪᠠᠶᠢᠭᠤᠯᠤᠯᠲᠠ ᠪᠣᠯᠤᠨ ᠤᠯᠠᠨ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠴᠢᠷᠮᠠᠶᠢᠨ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠰᠢᠶᠠᠯ ᠳᠤ ᠲᠤᠮᠢᠯᠠᠵᠤ ᠲᠤᠰᠢᠶᠠᠯ ᠠᠴᠠ ᠨᠢ ᠪᠠᠭᠤᠯᠭᠠᠬᠤ ᠨᠡᠷᠡᠰ     ︵2025 ᠣᠨ ᠤ 4 ᠰᠠᠷ᠎ᠠ ᠶᠢᠨ 27 ᠤ ᠡᠳᠦᠷ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠲᠠᠪᠤᠳᠤᠭᠠᠷ ᠬᠤᠷᠠᠯ ᠠᠴᠠ ᠪᠠᠲᠤᠯᠠᠪᠠ︶    ᠲᠤᠰᠢᠶᠠᠯ ᠠᠴᠠ ᠨᠢ ᠪᠠᠭᠤᠯᠭᠠᠬᠤ ᠪᠠᠷ ᠲᠤᠭᠳᠠᠭᠰᠠᠨ ᠨᠢ᠄    ᠸᠧᠨ ᠲᠤᠤ ᠶᠢ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠶᠢᠨ ᠲᠤᠰᠢᠶᠠᠯ ᠠᠴᠠ ᠬᠠᠰᠤᠨ᠎ᠠ᠃    ᠲᠤᠰᠢᠶᠠᠯ ᠳᠤ ᠲᠣᠮᠢᠯᠠᠬᠤ ᠪᠠᠷ ᠲᠤᠭᠳᠠᠭᠰᠠᠨ ᠨᠢ᠄    ᠰᠦᠨ ᠶᠠᠨ ᠬᠤᠩ ᠢ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠳᠤ ᠲᠤᠮᠢᠯᠠᠨ᠎ᠠ᠃    ᠸᠧᠨ ᠲᠤᠤ ᠶᠢ ᠬᠠᠶᠢᠷᠤᠪ ᠤᠨ ᠲᠣᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠳᠤ ᠲᠤᠮᠢᠯᠠᠨ᠎ᠠ    ᠶᠠᠩ ᠮᠢᠩ ᠰᠢᠦᠸᠠᠨ ᠢ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠶᠢᠨ ᠲᠤᠰᠢᠶᠠᠯ ᠳᠤ ᠲᠤᠮᠢᠯᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号