ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶ | ᠠᠬᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠦᠬᠦᠯᠢ ᠴᠣᠭᠴᠠ ᠶᠢᠨ ᠡᠮᠴᠢᠯᠡᠭᠡᠨ ᠤ ᠤᠶᠢᠯᠡᠴᠢᠯᠡᠭᠡᠨ ᠤ | ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠦᠯᠤᠭᠡ᠂ 4 | ᠰᠠᠷ᠎ᠠ ᠶᠢᠨ 2 ᠤᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠳᠤᠮᠳᠠᠳᠤ ᠶᠠᠫᠣᠨ ᠤ ᠨᠥᠬᠦᠷᠰᠡᠭ | ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠪᠦᠯᠬᠦᠮ ᠢ ᠲᠤᠰᠬᠠᠶᠢᠯᠠᠨ ᠤᠷᠢᠵᠤ ᠬᠠᠶᠢᠷᠤᠪ ᠤᠨ ᠲᠤᠬᠤᠢ | ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠳᠤ ᠣᠴᠢᠭᠤᠯᠵᠤ ᠲᠤᠰᠬᠠᠢ ᠰᠡᠳᠦᠪ ᠢᠶᠠᠷ ᠬᠢᠴᠢᠶᠡᠯᠯᠡᠭᠦᠯᠪᠡ᠃ | ᠬᠠᠶᠢᠷᠤᠪ ᠤᠨ ᠲᠤᠬᠤᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠭᠰᠠᠨ ᠪᠥᠭᠡᠳ | ᠪᠠᠶᠠᠷ ᠤᠨ ᠦᠭᠡ ᠬᠡᠯᠡᠪᠡ᠃ | | ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶᠠᠨ ᠤ ᠭᠤᠷᠪᠠᠨ ᠲᠤᠰᠬᠠᠶ ᠮᠡᠷᠭᠡᠵᠢᠯᠲᠡᠨ ᠲᠠᠰ | ᠳᠠᠷᠠᠭᠠᠯᠠᠨ ᠲᠤᠰᠬᠠᠶ ᠰᠡᠳᠦᠪ ᠢᠶᠠᠷ ᠬᠢᠴᠢᠶᠡᠯᠯᠡᠬᠦ ᠶᠢ ᠥᠷᠨᠢᠭᠦᠯᠵᠦ᠂ ᠭᠤᠤᠯ ᠡᠮᠴᠢᠯᠡᠭᠡᠨ ᠤ ᠡᠮᠴᠢ ᠶᠢᠨ | ᠬᠠᠷᠢᠭᠤᠴᠠᠯᠭ᠎ᠠ ᠶᠢᠨ ᠲᠦᠷᠢᠮ ᠤᠨ ᠲᠤᠷᠰᠢᠯᠭ᠎ᠠ᠂ᠭᠤᠤᠯ ᠡᠮᠴᠢᠯᠡᠭᠡᠨ ᠤ ᠡᠮᠴᠢ ᠶᠢᠨ ᠳᠤᠭᠤᠶᠢᠯᠠᠩ ᠤᠨ ᠮᠡᠳᠡᠭᠡ | ᠵᠠᠩᠭᠢ ᠶᠢᠨ ᠰᠢᠰᠲ᠋ᠧᠮ ᠤᠨ ᠥᠭᠡᠷᠡᠴᠢᠯᠡᠯᠲᠡ ᠪᠠ ᠲᠠᠨᠢᠯᠴᠠᠭᠤᠯᠭ᠎ᠠ᠂ ᠡᠪᠡᠳᠴᠢᠲᠡᠨ ᠤ ᠣᠷᠣ ᠶᠢᠨ ᠨᠢᠭᠡᠳᠦᠯᠲᠡᠶ | ᠬᠠᠮᠢᠶᠠᠷᠤᠯᠲᠠ ᠬᠢᠭᠡᠳ ᠰᠤᠪᠢᠯᠠᠯᠲᠠ ᠶᠢᠨ ᠡᠭᠴᠡ ᠬᠠᠮᠢᠶᠠᠷᠤᠯᠲᠠ ᠵᠡᠷᠭᠡ ᠲᠠᠯ᠎ᠠ ᠪᠠᠷ ᠲᠣᠰ ᠲᠣᠰ ᠶᠠᠷᠢᠯᠴᠠᠵᠤ᠂ | ᠣᠨᠣᠯ ᠠᠴᠠ ᠦᠢᠯᠡᠳᠦᠯᠭᠡ ᠪᠣᠯᠲᠠᠯ᠎ᠠ ᠣᠲᠣ ᠦᠶ᠎ᠡ ᠶᠢᠨ ᠡᠮᠴᠢᠯᠡᠭᠡᠨ ᠤ ᠬᠠᠮᠢᠶᠠᠷᠤᠯᠲᠠ ᠶᠢᠨ ᠵᠠᠭᠪᠤᠷ ᠤᠨ | ᠵᠠᠩᠭᠢᠯᠠᠭ᠎ᠠ ᠶᠢᠨ ᠭᠤᠭᠴᠤᠭ᠎ᠠ ᠶᠢ ᠪᠥᠬᠦ ᠲᠠᠯ᠎ᠠ ᠪᠠᠷ ᠵᠠᠳᠠᠯᠪᠠ᠃ ᠡᠷᠳᠡᠮ ᠰᠢᠨᠵᠢᠯᠡᠭᠡᠨ ᠤ ᠰᠣᠯᠢᠯᠴᠠᠭ᠎ᠠ ᠪᠠ | ᠦᠢᠯᠡᠳᠦᠯᠭᠡ ᠶᠢᠨ ᠵᠢᠯᠣᠭᠤᠳᠤᠯᠭ᠎ᠠ ᠪᠠᠷ ᠳᠠᠮᠵᠢᠨ᠂ ᠲᠤᠰᠬᠠᠶ ᠮᠡᠷᠭᠡᠵᠢᠯᠲᠡᠳ ᠬᠠᠶᠢᠷᠤᠪ ᠤᠨ ᠲᠣᠬᠤᠢ ᠲᠣᠭᠤᠷᠢᠭ ᠤᠨ | ᠡᠮᠴᠢᠯᠡᠭᠡᠨ ᠤ ᠪᠦᠯᠬᠦᠮ ᠳᠤ ᠡᠷᠬᠢᠮ ᠨᠠᠨᠳᠢᠨ ᠲᠤᠷᠰᠢᠯᠭ᠎ᠠ ᠲᠣᠯᠢᠯᠠᠬᠤ ᠪᠠ ᠠᠵᠢᠯᠯᠠᠬᠤ ᠠᠷᠭ᠎ᠠ ᠵᠠᠮ ᠬᠠᠩᠭᠠᠵᠤ᠂ | ᠣᠷᠣᠨ ᠪᠦᠰᠡ ᠶᠢᠨ ᠡᠮ ᠡᠮᠨᠡᠯᠭᠡ ᠶᠢᠨ ᠤᠶᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠲᠤᠰᠬᠠᠶ ᠰᠡᠳᠦᠪ ᠢᠶᠠᠷ ᠬᠢᠴᠢᠶᠡᠯᠯᠡᠬᠦ ᠨᠢ ︽ᠣᠨᠣᠯ ᠢᠶᠠᠷ ᠬᠢᠴᠢᠶᠡᠯᠯᠡᠬᠦ +ᠦᠢᠯᠡᠳᠦᠯᠭᠡ ᠶᠢᠨ ᠵᠢᠯᠣᠭᠤᠳᠣᠯᠭ᠎ᠠ︾ ᠶᠢᠨ | ᠳᠠᠪᠬᠤᠷ ᠵᠠᠭᠪᠤᠷ ᠢᠶᠠᠷ ᠳᠠᠮᠵᠢᠭᠤᠯᠤᠨ᠂ ᠬᠠᠶᠢᠷᠤᠪ ᠤᠨ ᠲᠣᠬᠤᠶ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠳᠤ | ᠥᠨᠳᠥᠷ ᠬᠢᠷᠢ ᠲᠦᠪᠰᠢᠨ ᠪᠥᠬᠦᠶ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ | ᠭᠤᠤᠯ ᠡᠮᠴᠢᠯᠡᠭᠡᠨ ᠤ ᠡᠮᠴᠢ ᠶᠢᠨ ᠬᠠᠷᠢᠭᠤᠴᠠᠯᠭ᠎ᠠ ᠶᠢᠨ ᠲᠦᠷᠢᠮ ᠬᠢᠭᠡᠳ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠤᠶᠢᠯᠡᠴᠢᠯᠡᠭᠡᠨ ᠤ | ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠡᠪᠡᠳᠴᠢᠲᠡᠨ ᠳᠤ ᠨᠠᠩ ᠥᠨᠳᠥᠷ ᠪᠦᠲᠦᠮᠵᠢᠲᠡᠶ᠂ ᠨᠠᠩ ᠴᠢᠨᠠᠷ | ᠰᠠᠶᠢᠲᠠᠶ ᠣᠨᠣᠰᠢᠯᠠᠨ ᠡᠮᠨᠡᠬᠦ ᠤᠶᠢᠯᠡᠴᠢᠯᠡᠭᠡ ᠬᠠᠩᠭᠠᠨ᠎ᠠ᠃ | | ᠣᠳᠣᠬᠠᠨ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠲᠣᠰ ᠤᠳᠠᠭᠠᠨ ᠤ ᠬᠠᠶᠢᠷᠤᠪ ᠤᠨ ᠲᠣᠬᠤᠢ | ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠪᠣᠯᠤᠨ ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ | ᠬᠤᠷᠢᠶᠠᠨ ᠤ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠪᠣᠯ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠵᠣᠷᠢᠭᠤᠯᠤᠭᠰᠠᠨ ᠭᠦᠨ ᠵᠤᠵᠠᠭᠠᠨ ᠬᠠᠯᠠᠮᠵᠢᠯᠠᠯ ᠪᠣᠯᠬᠤ ᠪᠥᠭᠡᠳ ᠬᠠᠶᠢᠷᠤᠪ ᠤᠨ ᠲᠣᠬᠤᠢ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠳᠤ ᠬᠦᠴᠦᠲᠡᠶ ᠳᠡᠮᠵᠢᠯᠭᠡ | ᠦᠵᠡᠭᠦᠯᠵᠦ ᠪᠠᠶᠢᠭ᠎ᠠ ᠶᠠᠪᠤᠳᠠᠯ ᠪᠣᠯᠤᠨ᠎ᠠ᠂ ᠨᠠᠩ ᠴᠤ ᠬᠠᠶᠢᠷᠤᠪ ᠤᠨ ᠲᠣᠬᠤᠢ ᠲᠣᠭᠤᠷᠢᠭ ᠤᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠭᠰᠡᠨ ᠪᠠᠶᠢᠨ᠎ᠠ᠃ | | ᠲᠣᠰ ᠤᠳᠠᠭᠠᠨ ᠤ ᠠᠵᠢᠯᠯᠠᠭ᠎ᠠ ᠶᠢ ᠬᠠᠶᠢᠷᠤᠪ ᠤᠨ ᠲᠣᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠠᠴᠠ ᠭᠤᠤᠯᠯᠠᠨ ᠡᠷᠭᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ | ᠬᠤᠷᠢᠶ᠎ᠠ ᠳᠠᠭᠠᠭᠠᠨ ᠡᠷᠭᠢᠯᠡᠪᠡ᠃ | |