ᠬᠠᠶᠢᠷᠤᠪ ᠤᠨ ᠲᠣᠬᠤᠢ ᠶᠢᠨ ᠡᠨᠡ ᠬᠦ ᠠᠵᠢᠯᠯᠠᠬᠤ ᠲᠠᠰᠤᠭ ᠵᠢᠩᠬᠢᠨᠢ ᠪᠠᠷ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2025/4/30
    ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠭᠦᠨᠵᠡᠭᠡᠶ ᠤᠶᠢᠯᠡᠳᠤᠯᠭᠡᠵᠢᠭᠦᠯᠵᠤ᠂ ᠨᠡᠶᠢᠭᠡᠮ ᠲᠣᠭᠤᠷᠢᠭ ᠤᠨ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 29 ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ︽ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠪᠠᠶᠠᠷ︾ ᠵᠢᠴᠢ ᠨᠡᠶᠢᠲᠡ ᠶᠢᠨ ᠠᠰᠠᠷᠠᠮᠵᠢ ᠶᠢᠨ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠠᠷᠢᠭᠤᠨ ᠴᠢᠬᠡᠴᠢ ᠭᠤᠤᠯ ᠰᠡᠳᠦᠪᠲᠦ ᠴᠡᠴᠡᠷᠯᠢᠭ ᠲᠤ ᠡᠬᠢᠯᠡᠪᠡ᠃ ᠠᠵᠢᠯᠯᠠᠭ᠎ᠠ ᠶᠢᠨ ᠲᠤᠰ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠶᠢᠨ ᠠᠵᠢᠯᠯᠠᠬᠤ ᠲᠠᠰᠤᠭ ᠤᠨ ᠫᠠᠶᠢᠰᠠ ᠰᠡᠬᠦᠬᠦ ᠶᠣᠰᠣᠯᠠᠯ ᠴᠠᠩ ᠴᠢᠩ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠷᠦᠭᠦᠯᠡᠨ ᠶᠠᠪᠤᠭᠳᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠲᠤᠰ ᠤᠳᠠᠭ᠎ᠠ ᠶᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃
640.jpg    
    ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠪᠢᠶᠠᠨ ᠬᠤᠩ ᠮᠧᠶ ᠬᠠᠮᠲᠤᠪᠠᠷ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠶᠢᠨ ᠠᠵᠢᠯ ᠤᠨ ᠲᠠᠰᠤᠭ ᠤᠨ ᠫᠠᠶᠢᠰᠠ ᠶᠢ ᠰᠡᠬᠦᠪᠡ      ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠶᠢᠨ ᠠᠵᠢᠯᠯᠠᠬᠤ ᠲᠠᠰᠤᠭ ᠤᠨ ᠬᠢᠨ ᠳᠤ ᠨᠡᠶᠢᠭᠡᠮ ᠤᠨ ᠠᠵᠢᠯ ᠤᠨ ᠬᠦᠷᠢᠶᠡᠨ ᠳᠠᠬᠢ ᠳᠡᠭᠡᠳᠦ ᠲᠠᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠴᠤᠭᠯᠠᠭᠤᠯᠵᠤ᠂ ᠳᠡᠭᠡᠳᠦ ᠵᠡᠷᠭᠡ ᠶᠢᠨ ᠨᠡᠶᠢᠭᠡᠮ ᠤᠨ ᠠᠵᠢᠯᠴᠢᠨ ᠤ ᠠᠵᠢᠯ ᠲᠥᠷᠥᠯ ᠤᠨ ᠰᠠᠨᠠᠭᠠᠴᠢᠯᠠᠭ᠎ᠠ᠂ ᠪᠣᠳᠠᠲᠤ ᠶᠠᠪᠤᠳᠠᠯ ᠤᠨ ᠰᠦᠪᠡᠭᠴᠢᠯᠡᠯᠲᠡ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠶᠢᠨ ᠲᠣᠪᠤᠶᠢᠮ᠎ᠠ ᠳᠠᠪᠠᠭᠤᠯᠢᠭ ᠢ ᠭᠦᠢᠴᠡᠤᠡ ᠪᠠᠳᠠᠷᠠᠭᠤᠯᠵᠤ᠂ ᠲᠤᠰᠬᠠᠶ ᠮᠡᠷᠭᠡᠵᠢᠯ ᠤᠨ ᠰᠤᠳᠤᠯᠭᠠᠨ᠂ ᠲᠥᠷᠥᠯ ᠵᠤᠶᠢᠯ ᠤᠨ ᠲᠥᠰᠦᠪᠯᠡᠯ᠂ ᠦᠢᠯᠡᠴᠢᠯᠡᠭᠡ ᠬᠠᠩᠭᠠᠬᠤ ᠵᠡᠷᠭᠡ ᠠᠵᠢᠯ ᠢ ᠥᠷᠨᠢᠭᠦᠯᠵᠦ᠂ ᠬᠠᠶᠢᠷᠤᠪ ᠤᠨ ᠲᠣᠬᠤᠶ ᠲᠣᠭᠤᠷᠢᠭ ᠤᠨ ᠪᠣᠳᠠᠲᠠᠶ ᠳᠤ ᠨᠡᠶᠢᠴᠡᠭᠰᠡᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠣᠶᠢᠷᠠᠲᠤᠭᠰᠠᠨ ᠨᠡᠶᠢᠭᠡᠮ ᠤᠨ ᠠᠵᠢᠯ ᠤᠨ ᠰᠢᠨ᠎ᠡ ᠵᠠᠭᠪᠤᠷ᠂ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
640 (1).jpg
640 (2).jpg
640 (3).jpg
    ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠪᠥᠬᠦ ᠬᠥᠮᠦᠰ ᠠᠷᠢᠭᠤᠨ ᠴᠢᠬᠡᠴᠢ ᠭᠤᠤᠯ ᠰᠡᠳᠦᠪᠲᠦ ᠴᠡᠴᠡᠷᠯᠢᠭ ᠲᠤ ᠠᠯᠬᠤᠵᠤ᠂ ︽ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠪᠠᠶᠠᠷ︾ ᠤᠨ ᠨᠡᠶᠢᠲᠡ ᠶᠢᠨ ᠠᠰᠠᠷᠠᠮᠵᠢ ᠶᠢᠨ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠳᠤ ᠣᠷᠣᠯᠴᠠᠪᠠ᠃ ᠨᠡᠶᠢᠲᠡ ᠶᠢᠨ ᠠᠰᠠᠷᠠᠮᠵᠢ ᠶᠢᠨ ᠵᠠᠬ᠎ᠠ ᠳᠡᠯᠭᠡᠭᠦᠷ ᠨᠢ ︽  ᠰᠡᠳᠬᠢᠯ ᠨᠢᠭᠡᠳᠦᠨ ᠨᠡᠶᠢᠭᠡᠮ ᠲᠣᠭᠤᠷᠢᠭ ᠢ ᠬᠠᠮᠲᠤ ᠪᠠᠷ ᠴᠣᠭᠴᠠᠯᠠᠬᠤ︾ ᠪᠠᠷ ᠭᠤᠤᠯ ᠰᠡᠳᠦᠪ ᠪᠣᠯᠭᠠᠵᠤ᠂ ᠵᠢᠷᠤᠮ ᠤᠨ ᠬᠤᠳᠠᠯᠳᠤᠭᠠᠨ ᠤ ᠲᠣᠭᠤᠷᠢᠭ᠂ ᠭᠠᠷ ᠤᠷᠠᠯᠠᠯ ᠤᠨ ᠪᠦᠲᠦᠭᠡᠭᠳᠡᠬᠦᠨ ᠤ ᠲᠣᠭᠤᠷᠢᠭ᠂ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠵᠢᠴᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠵᠡᠷᠭᠡ ᠳᠥᠷᠪᠡᠨ ᠶᠡᠭᠡ ᠬᠡᠰᠡᠭ ᠭᠠᠷᠭᠠᠵᠤ᠂ ᠪᠥᠬᠦ ᠲᠤᠭᠤᠷᠢᠭ ᠤᠨ ᠰᠠᠭᠤᠭᠠᠯᠢ ᠠᠷᠠᠳ᠂ ᠰᠠᠶᠢᠨ ᠳᠤᠷ᠎ᠠ ᠶᠢᠨ ᠠᠵᠢᠯᠯᠠᠭᠴᠢ ᠵᠢᠴᠢ 20 ᠭᠠᠷᠤᠶ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠢ ᠣᠷᠣᠯᠴᠠᠭᠤᠯᠪᠠ᠃ ᠠᠯᠪᠠᠨ ᠵᠢᠷᠤᠮ ᠤᠨ ᠬᠤᠳᠠᠯᠳᠤᠭᠠᠨ ᠤ ᠲᠣᠭᠤᠷᠢᠭ ᠲᠤ ᠰᠠᠭᠤᠭᠠᠯᠢ ᠠᠷᠠᠳ ᠤᠨ ᠬᠠᠨᠳᠢᠪᠯᠠᠭᠰᠠᠨ ᠨᠣᠮ ᠪᠢᠴᠢᠭ᠂ ᠲᠣᠭᠯᠠᠭᠠᠮ ᠤᠨ ᠵᠦᠢᠯ ᠵᠡᠷᠭᠡ ᠰᠤᠯᠠ ᠪᠠᠶᠢᠭ᠎ᠠ ᠪᠣᠳᠠᠰ ᠢ ᠴᠤᠭᠯᠠᠭᠤᠯᠪᠠ︔ ᠭᠠᠷ ᠤᠷᠠᠯᠠᠯ ᠤᠨ ᠪᠦᠲᠦᠭᠡᠭᠳᠡᠬᠦᠨ ᠤ ᠲᠣᠭᠤᠷᠢᠭ ᠤᠨ ᠳᠡᠯᠭᠡᠨ ᠪᠣᠷᠣᠯᠠᠭᠤᠯᠬᠤ ᠴᠠᠭᠠᠰᠤᠨ ᠬᠠᠶᠢᠴᠢᠯᠠᠮᠠᠯ᠂ ᠰᠢᠷᠳᠡᠮᠡᠯ ᠳᠡᠪᠢᠭᠦᠷ᠂ ᠪᠣᠳᠠᠰ ᠤᠨ ᠪᠤᠰᠤ ᠰᠣᠶᠣᠯ ᠤᠨ ᠥᠪ ᠤᠨ ᠰᠢᠬᠢᠷ ᠤᠨ ᠵᠢᠷᠤᠭ ᠵᠡᠷᠭᠡ ᠪᠦᠲᠦᠭᠡᠯ ᠨᠢ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠬᠠᠷᠠᠭᠤᠯᠪᠠ︔ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠲᠤ ᠰᠦᠢᠳᠬᠡᠯ ᠬᠤᠷᠢᠶᠠᠬᠤ ᠦᠭᠡᠢ ᠪᠠᠷ ᠦᠰᠦ ᠵᠠᠰᠠᠬᠤ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠵᠡᠷᠭᠡ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠬᠠᠩᠭᠠᠪᠠ︔ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠤᠨ ᠬᠢᠨ ᠬᠠᠷᠢᠯᠴᠠᠨ ᠠᠰᠠᠭᠤᠵᠤ ᠬᠠᠷᠢᠭᠤᠯᠬᠤ᠂ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠮᠡᠬᠡᠯᠡᠯ ᠢ ᠡᠰᠡᠷᠭᠦᠴᠡᠬᠦ᠂ ᠬᠤᠣᠷ ᠴᠠᠭᠠᠵᠠᠯᠠᠬᠤ᠂ ᠠᠵᠢᠯ ᠣᠯᠭᠤᠬᠤ ᠲᠥᠷᠥ ᠶᠢᠨ ᠪᠣᠳᠣᠯᠭ᠎ᠠ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠮᠠᠰᠢ ᠣᠯᠠᠨ ᠰᠠᠭᠤᠭᠠᠯᠢ ᠠᠷᠠᠳ ᠢ ᠲᠠᠲᠠᠵᠤ ᠣᠷᠣᠯᠴᠠᠭᠤᠯᠪᠠ᠃
640 (4).jpg
640 (6).jpg
640 (5).jpg
640 (7).jpg
     ᠲᠣᠰ ᠤᠳᠠᠭᠠᠨ ᠤ ︽ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠪᠠᠶᠠᠷ︾ ᠢ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠶᠠᠮᠤᠨ ᠠᠴᠠ ᠭᠤᠤᠯᠯᠠᠨ ᠡᠷᠬᠢᠯᠡᠵᠦ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠠᠩ ᠴᠢᠩ ᠨᠡᠶᠢᠭᠡᠮ ᠲᠣᠭᠤᠷᠢᠭ᠂ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠠᠴᠠ ᠳᠠᠭᠠᠭᠠᠴᠢᠯᠠᠨ ᠡᠷᠬᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠦᠭᠰᠡᠨ᠂ ︽ᠬᠥᠷᠰᠢ ᠵᠡᠷᠭᠡᠯᠡᠳᠡᠭᠡ ᠶᠢᠨ ᠬᠢᠨ ᠬᠠᠷᠢᠯᠴᠠᠨ‌ᠬᠠᠪᠰᠤᠷᠤᠯᠴᠠᠬᠤ︾ ᠣᠶᠢᠯᠠᠭᠠᠭᠳᠠᠬᠤᠨ ᠢ ᠪᠠᠷᠢᠮᠲᠠᠯᠠᠭᠰᠠᠨ ᠠᠮᠢᠳᠤᠯᠢᠭ ᠤᠶᠢᠯᠡᠳᠤᠯᠭᠡ ᠪᠣᠯᠤᠨ᠎ᠠ᠃ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠭᠴᠢ ᠶᠢᠨ ᠠᠵᠢᠯᠯᠠᠬᠤ ᠲᠠᠰᠤᠭ ᠪᠠᠶᠢᠭᠤᠯᠤᠭᠳᠠᠭᠰᠠᠨ ᠪᠠ ᠨᠡᠶᠢᠲᠡ ᠶᠢᠨ ᠠᠰᠠᠷᠠᠮᠵᠢ ᠶᠢᠨ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠶᠢᠨ ᠬᠤᠯᠪᠣᠭᠠᠯᠠᠯ ᠨᠢ ᠨᠡᠶᠢᠭᠡᠮ ᠲᠣᠭᠤᠷᠢᠭ ᠤᠨ ᠵᠠᠰᠠᠯᠲᠠ ᠳᠤ ᠦᠵᠡᠭᠦᠯᠬᠦ ᠲᠤᠰᠬᠠᠶᠢᠵᠢᠭᠰᠠᠨ ᠦᠢᠯᠡᠴᠢᠯᠡᠭᠡᠨ ᠤ ᠲᠤᠯᠭᠠᠭᠤᠷᠢᠯᠠᠬᠤ ᠦᠢᠯᠡᠳᠦᠯ ᠢ ᠢᠯᠡᠷᠡᠭᠦᠯᠦᠭᠰᠡᠨ ᠮᠥᠷᠲᠡᠭᠡᠨ ᠪᠠᠰᠠ ᠣᠯᠠᠨ ᠡᠰᠢᠲᠦ ᠠᠵᠢᠯᠯᠠᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠤᠨ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠣᠯᠪᠠᠰᠤᠨ ᠡᠶ᠎ᠡ ᠵᠣᠬᠢᠴᠠᠯ ᠲᠠᠢ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠶᠢᠷᠠᠯᠠᠬᠤ ᠨᠡᠶᠢᠭᠡᠮ ᠲᠣᠭᠤᠷᠢᠭ ᠤᠨ ᠠᠮᠢ ᠠᠬᠤᠶ ᠶᠢ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠷᠭᠦᠯᠵᠢᠯᠡᠨ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠡᠩ ᠤᠯᠠᠨ ︽ᠤᠯᠠᠨ ᠲᠦᠮᠡᠨ ᠲᠠᠢ ᠤᠢᠢᠷᠠᠳᠤᠭᠰᠠᠨ᠂ ᠠᠷᠠᠳ ᠤᠨ ᠰᠡᠳᠬᠢᠯ ᠢ ᠨᠢᠭᠲᠠᠷᠠᠭᠤᠯᠬᠤ︾ ᠨᠡᠶᠢᠭᠡᠮ ᠲᠣᠭᠤᠷᠢᠭ ᠤᠨ ᠠᠵᠢᠯᠯᠠᠭ᠎ᠠ ᠶᠢ ᠰᠦᠪᠡᠭᠴᠢᠯᠡᠵᠦ᠂ ︽ᠭᠡᠷ ᠤᠨ ᠡᠭᠦᠳᠡᠨ ᠳᠠᠬᠢ ᠵᠣᠯ ᠵᠢᠷᠭᠠᠯᠲᠤ ᠠᠮᠢᠳᠤᠷᠠᠯ︾ ᠢ ᠦᠨᠳᠦᠰᠦᠨ ᠱᠠᠲᠤᠨ ᠤ ᠵᠠᠰᠠᠯᠲᠠ ᠶᠢᠨ ᠬᠠᠮᠤᠭ ᠤᠨ ᠬᠠᠯᠠᠭᠤᠨ ᠳᠤᠯᠠᠭᠠᠨ ᠰᠠᠭᠤᠷᠢ ᠦᠩᠬᠡ ᠪᠣᠯᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号