ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/7
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃       ᠬᠤᠷᠠᠯ ᠠᠴᠠ ︽ᠦᠨᠡᠨ︾ ᠰᠡᠳᠬᠦᠯ ᠤᠨ ᠳᠣᠯᠣᠳᠤᠭᠠᠷ ᠬᠤᠭᠤᠴᠠᠭᠠᠨ ᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ ᠵᠣᠬᠢᠶᠠᠯ ᠢ ᠪᠢᠴᠢᠭ ᠢᠶᠠᠷ ᠤᠯᠠᠮᠵᠢᠯᠠᠭᠰᠠᠨ ᠪᠥᠭᠡᠳ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢᠨ ᠲᠣᠭᠤᠷᠢᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠼᠦᠢ ᠬᠤᠩ ᠪᠥᠸᠧ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠪᠠᠨ ᠴᠢᠩᠭᠠᠳᠬᠠᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ᠂ ᠲᠦᠷᠦᠭᠦᠯᠡᠨ ᠦᠯᠢᠭᠡᠷ ᠳᠠᠭᠤᠷᠢᠶᠠᠯ ᠪᠣᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠲᠡᠷᠡ ᠬᠡᠪ ᠢᠶᠠᠷ ᠨᠢ ᠰᠠᠶᠢᠲᠤᠷ ᠬᠢᠬᠦ ᠬᠡᠷᠡᠭᠲᠡᠢ︔ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠮ ᠤᠨ ᠰᠤᠷᠲᠠᠯ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠲᠥᠪ ᠤᠨ ᠨᠠᠢᠮᠠᠨ ᠲᠣᠭᠲᠠᠭᠠᠯ ᠢ ᠤᠷᠳᠤ ᠬᠤᠭᠤᠴᠠᠭᠠᠨ ᠤ ᠪᠦᠲᠦᠮᠵᠢᠲᠡᠢ ᠴᠢᠩᠭ᠎ᠠ ᠶᠣᠰᠣ ᠲᠦᠷᠢᠮ᠂ ᠬᠠᠲᠠᠭᠤ ᠪᠠᠷᠢᠮᠵᠢᠶ᠎ᠠ ᠪᠣᠯᠭᠠᠵᠤ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠦᠵᠡᠵᠦ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠬᠡᠷᠡᠭᠲᠡᠢ︔ ᠲᠤᠰ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠠᠳᠠᠷᠠᠭᠤᠯᠵᠤ᠂  ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂  ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠣᠪᠣᠷ ᠪᠠᠶᠢᠳᠠᠯ ᠪᠠ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠠᠵᠢᠯ ᠤᠨ ᠰᠤᠷᠲᠠᠯ ᠢᠶᠠᠷ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠪᠠ ᠦᠬᠠᠶ ᠬᠤᠲᠠ ᠶᠢᠨ ︽ᠠᠷᠪᠠᠨ ᠵᠦᠢᠯ ᠤᠨ ᠭᠤᠤᠯᠳᠠᠯᠭ᠎ᠠ ᠲᠠᠢ ᠠᠵᠢᠯ︾᠎ ᠢ ᠨᠠᠶᠢᠳᠠᠪᠤᠷᠢᠵᠢᠭᠤᠯᠬᠤ ᠳᠤ ᠦᠢᠯᠡᠴᠢᠯᠡᠨ ᠨᠠᠶᠢᠳᠠᠪᠤᠷᠢᠵᠢᠭᠤᠯᠵᠤ᠂ ︽ᠭᠤᠷᠪᠠ ᠶᠢ ᠲᠡᠷᠢᠭᠦᠨ ᠳᠤ ᠲᠠᠯᠪᠢᠬᠤ︾᠎ ᠪᠠᠷ ᠤᠳᠤᠷᠢᠳᠤᠮᠵᠢ ᠪᠣᠯᠭᠠᠵᠤ᠂ ︽ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠤᠷᠤᠬᠤ︾ ᠬᠠᠷᠠᠯᠲᠠ ᠶᠢ  ᠪᠡᠶᠡᠯᠡᠭᠦᠯᠬᠦ ᠬᠡᠷᠡᠭᠲᠡᠢ ᠭᠡᠵᠤ ᠬᠡᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号