ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/8
    4 ᠰᠠᠷ᠎ᠠ ᠶᠢᠨ 7᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠪᠠᠢ ᡁᠢ ᠯᠦᠩ ᠬᠤᠷᠠᠯ ᠢ ᠡᠷᠬᠢᠯᠡᠪᠡ᠃     ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ 2024 ᠣᠨ ᠤ ᠪᠦᠬᠦ ᠲᠤᠭᠤᠷᠢᠭ ᠤᠨ ᠠᠵᠢᠯ ᠤᠨ ᠳ᠋ᠦᠩᠨᠡᠯᠲᠡ ᠶᠢ ᠲᠡᠰ ᠳᠠᠷᠠᠭᠠᠯᠠᠨ ᠳ᠋ᠦᠩᠨᠡᠵᠦ᠂ 2025 ᠣᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃       ᠸᠠᠩ ᠵᠢᠤᠸᠠᠨ ᠬᠡᠯᠡᠬᠦ ᠳᠡᠭᠡᠨ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ ᠮᠥᠨ᠂ ᠪᠠᠰᠠ ᠴᠤ ᠦᠬᠠᠶ ᠬᠤᠲᠠ ᠶᠢᠨ ᠨᠠᠮ ᠤᠨ ᠬᠤᠷᠢᠶ᠎ᠠ ᠠᠴᠠ ᠲᠣᠭᠲᠠᠭᠠᠭᠰᠠᠨ ᠪᠣᠭᠤᠮᠲᠠ ᠰᠢᠪᠲᠤᠯᠬᠤ ᠵᠢᠯ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠴᠢᠳᠠᠪᠤᠷᠢᠲᠠᠨ ᠢ ᠰᠣᠩᠭᠤᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠲᠣᠭᠲᠠᠭᠠᠵᠤ᠂ ᠤᠬᠠᠭᠤᠯᠭ᠎ᠠ ᠶᠢᠨ ᠰᠢᠰᠲ᠋ᠧᠮ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠦᠵᠡᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠨᠢᠭᠲᠠᠷᠠᠭᠤᠯᠬᠤ ᠵᠠᠩᠭᠢᠯᠠᠭ᠎ᠠ ᠶᠢᠨ ᠡᠭᠦᠷᠭᠡ ᠶᠢ ᠦᠨᠡᠨ ᠬᠦ ᠰᠠᠶᠢᠲᠤᠷ ᠪᠠᠳᠠᠷᠠᠭᠤᠯᠵᠤ᠂ ᠨᠢᠭᠡᠳᠦᠮᠡᠯ ᠹᠷᠣᠨᠲ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠲᠣᠭᠤᠷᠢᠭ ᠢ ᠪᠠᠲᠤ ᠰᠠᠬᠢᠬᠤ ᠪᠠ ᠬᠠᠮᠲᠤ ᠶᠢᠨ ᠲᠠᠨᠢᠯᠲᠠ ᠪᠠᠨ ᠥᠷᠭᠡᠳᠬᠡᠬᠦ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠨᠢᠭᠡᠳᠦᠮᠡᠯ ᠹᠷᠣᠨᠲ ᠤᠨ ᠳᠠᠪᠠᠭᠤᠯᠢᠭ ᠢᠶᠠᠨ ᠲᠠᠰᠤᠷᠠᠯᠲᠠ ᠦᠭᠡᠢ ᠪᠠᠳᠠᠷᠠᠭᠤᠯᠵᠤ᠂ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠬᠦᠴᠦᠷᠬᠡᠭ ᠶᠡᠭᠡ ᠦᠷ᠎ᠡ ᠪᠦᠲᠦᠮᠵᠢ ᠶᠢ ᠪᠠᠳᠠᠷᠠᠭᠤᠯᠬᠤ ᠬᠡᠷᠡᠭᠲᠡᠢ︔ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ︽ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾᠎ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃  ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠠᠤᠯᠢᠵᠢᠯ ᠤᠨ ᠬᠠᠶᠢᠷᠤᠪ ᠤᠨ ᠲᠤᠬᠤᠢ ᠲᠣᠭᠤᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠠᠢ᠃ ᠨᠡᠶᠢᠭᠡᠮ ᠤᠨ ᠠᠵᠢᠯ ᠤᠨ ᠰᠢᠰᠲ᠋ᠧᠮ ᠤᠨ ᠬᠢᠨ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠴᠢᠨᠠᠷ ᠰᠠᠶᠢᠲᠠᠢ ᠨᠡᠶᠢᠭᠡᠮ ᠤᠨ ᠠᠵᠢᠯ ᠢᠶᠠᠷ ᠪᠦᠬᠦ  ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ᠂ ᠲᠣᠭᠲᠠᠭᠤᠨ ᠤ ᠳᠤᠮᠳᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠪᠠᠶᠢᠭᠤᠯᠤᠯᠲᠠ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠦᠨᠡᠨ ᠬᠦ ᠬᠦᠳᠦᠯᠦᠨ ᠳᠠᠭᠠᠭᠤᠯᠬᠤ ᠬᠡᠷᠡᠭᠲᠡᠢ︔ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠱᠦᠵᠢ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠭᠤᠣᠯ ᠤᠳᠤᠷᠢᠳᠤᠯᠭ᠎ᠠ ᠲᠦᠷᠦᠭᠦᠯᠡᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠶ ᠠᠳᠬᠤᠬᠤ᠂ ᠨᠠᠮ ᠤᠨ ᠠᠵᠢᠯ ᠤᠨ ᠰᠠᠯᠠᠭ᠎ᠠ ᠮᠥᠴᠢᠷ ᠲᠦᠷᠦᠭᠦᠯᠡᠨ ᠠᠳᠬᠤᠬᠤ᠂ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠵᠢᠯᠴᠠᠨ ᠠᠳᠬᠤᠬᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ︔  ᠥᠷᠭᠡᠨ ᠤᠯᠠᠨ ᠨᠠᠮ ᠤᠨ ᠭᠡᠰᠢᠭᠦᠨ ᠺᠠᠳ᠋ᠷ ︽ᠠᠵᠢᠯᠯᠠᠬᠤ ᠶᠢ ᠲᠡᠷᠢᠭᠦᠨ ᠳᠤ ᠲᠠᠯᠪᠢᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ︾᠎ ᠶᠢ ᠪᠠᠷᠢᠮᠲᠠᠯᠠᠵᠤ᠂ ᠬᠠᠷᠠᠯᠲᠠ ᠪᠠᠨ ᠠᠩᠬᠠᠷᠤᠨ ᠠᠵᠢᠯᠯᠠᠵᠤ᠂ ᠠᠰᠠᠭᠤᠳᠠᠯ ᠢ ᠤᠭᠲᠤᠵᠤ᠂ ᠪᠦᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠭᠡ ᠶᠢ ᠳᠠᠪᠠᠵᠤ᠂ ᠴᠤ᠋ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠢ ᠪᠤᠢ ᠪᠣᠯᠭᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠦᠢᠯᠡᠰ ᠤᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠪᠲᠤᠯᠤᠯᠲᠠ ᠶᠢᠨ ᠴᠢᠨᠠᠷᠲᠠᠢ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ  ᠭᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号