ᠬᠠᠶᠢᠷᠤᠪ ᠤᠨ ᠲᠣᠬᠤᠢ ᠲᠣᠭᠤᠷᠢᠭ ᠰᠥᠨᠢᠵᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/1
    ︽5.1︾ ᠤ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠤᠢᠢᠷ᠎ᠠ ᠶᠢᠨ ᠬᠤᠭᠤᠴᠠᠭᠠᠨ ᠤ ᠭᠠᠯ ᠤᠨ ᠭᠠᠮᠰᠢᠭ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ 4 ᠰᠠᠷ᠎ᠠ ᠶᠢᠨ 30 ᠤ ᠣᠷᠣᠢ᠂ ᠬᠠᠶᠢᠷᠤᠪ ᠤᠨ ᠲᠤᠬᠤᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠵᠢᠴᠢ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ︽ᠲᠦᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠬᠠᠷᠢᠶ᠎ᠠ ᠣᠷᠣᠨ ᠤ ᠹᠧᠩ ᠴᠤᠤ ᠳᠠᠭᠤᠤ ᠬᠥᠭᠵᠢᠮ ᠤᠨ ᠬᠤᠭᠤᠯᠠᠨ ᠭᠡᠷ᠂ ᠳᠠᠭᠤᠤ ᠬᠥᠭᠵᠢᠮ ᠤᠨ ᠦᠳᠡᠰᠢᠯᠡᠭᠡ ᠶᠢᠨ ᠭᠠᠵᠠᠷ᠂ ᠳ᠋ᠢᠩ ᠰᠢᠶᠠᠩ ᠰᠢᠷᠠᠮᠠᠯ ᠢᠳᠡᠭᠡᠨ ᠤ ᠭᠠᠵᠠᠷ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠰᠥᠨᠢ ᠶᠢᠨ ᠪᠠᠶᠢᠴᠠᠭᠠᠯᠲᠠ ᠥᠷᠨᠢᠭᠦᠯᠪᠡ᠃
640.png   
    ᠲᠣᠰ ᠤᠳᠠᠭᠠᠨ ᠤ ᠠᠵᠢᠯᠯᠠᠭ᠎ᠠ ᠨᠢ ᠡᠯ᠎ᠡ ᠲᠠᠯᠠᠪᠤᠷ ᠭᠠᠵᠠᠷ ᠤᠨ ᠲᠠᠷᠬᠠᠭᠠᠬᠤ ᠵᠠᠮ ᠰᠠᠭᠠᠳ ᠥᠬᠡᠶ ᠨᠡᠪᠲᠡᠷᠡᠬᠦ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠪᠠ ᠲᠠᠷᠬᠠᠭᠠᠬᠤ ᠵᠢᠭᠠᠯᠲᠠ ᠶᠢᠨ ᠲᠡᠮᠳᠡᠭ ᠢ ᠵᠢᠷᠤᠮᠵᠢᠭᠤᠯᠤᠨ ᠪᠠᠶᠢᠷᠢᠯᠠᠭᠤᠯᠤᠭᠰᠠᠨ ᠡᠰᠡᠬᠦ᠂ ᠲᠠᠮᠠᠬᠢ ᠭᠠᠳᠠᠭᠰᠢᠯᠠᠭᠤᠯᠬᠤ ᠰᠢᠰᠲ᠋ᠧᠮ ᠨᠢ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ ᠵᠢᠴᠢ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠤ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠤᠷ ᠲᠤ ᠭᠠᠯ ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠰᠢᠯᠭᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠶᠢᠨ ᠬᠠᠮᠲᠤ ᠡᠯ᠎ᠡ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠠᠵᠢᠯᠲᠠᠨ ᠤ ᠲᠤᠭ᠎ᠠ ᠬᠡᠮᠵᠢᠶ᠎ᠡ ᠶᠢ ᠴᠢᠩᠭ᠎ᠠ ᠡᠵᠡᠮᠳᠡᠵᠦ᠂ ᠠᠮᠤᠷ ᠲᠦᠪᠰᠢᠨ ᠢᠶᠠᠷ ᠡᠵᠡᠩᠨᠡᠬᠦ ᠶᠢ ᠦᠨᠡᠨᠬᠦ ᠪᠠᠲᠤᠯᠠᠪᠠ᠃
640 (1).png   
    ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠡᠵᠡᠩᠨᠡᠯᠲᠡ ᠶᠢᠨ ᠨᠢᠭᠡᠴᠡ ᠶᠢ ᠭᠠᠯ ᠤᠨ ᠭᠠᠮᠰᠢᠭ ᠤᠨ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠴᠠᠭ ᠢᠮᠠᠭᠲᠠ ᠠᠮᠤᠷ ᠲᠦᠪᠰᠢᠨ ᠤ ᠬᠥᠪᠴᠢ ᠶᠢ ᠴᠢᠩᠭᠠᠯᠠᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠬᠤᠷᠢᠭᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠳᠠᠯᠳᠠ ᠬᠡᠮ ᠢ ᠬᠥᠳᠡᠯᠦᠩᠭᠦᠶ ᠪᠠᠷ ᠠᠷᠢᠯᠭᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
640 (2).png   
    ᠬᠠᠶᠢᠷᠤᠪ ᠤᠨ ᠲᠤᠬᠤᠢ ᠲᠣᠭᠤᠷᠢᠭ ᠤᠨ ᠬᠢᠨ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠤᠯᠠᠨ ᠲᠦᠮᠡᠨ ᠳᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号