ᠦᠬᠠᠢ ᠬᠤᠳᠠ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠬᠦᠨᠳᠦ ᠶᠢ ᠪᠠᠭᠠᠰᠬᠠᠬᠤ ᠲᠤᠰᠬᠠᠢ ᠮᠡᠷᠭᠡᠵᠢᠯ ᠤᠨ ᠬᠤᠪᠢᠶᠠᠷᠢ ᠨᠡᠶᠢᠭᠡᠮᠯᠢᠭ ᠪᠠᠶᠢᠭᠤᠯᠤᠭᠳᠠᠭᠰᠠᠨ ᠵᠢᠴᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠫᠠᠶᠢᠰᠠ ᠰᠡᠬᠦᠬᠦ ᠶᠣᠰᠣᠯᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/5/1
    4 ᠰᠠᠷ᠎ᠠ ᠶᠢᠨ 30 ᠤ ᠡᠳᠦᠷ᠂ ᠦᠬᠠᠶ ᠬᠤᠲᠠ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠬᠦᠨᠳᠦ ᠶᠢ ᠪᠠᠭᠠᠰᠬᠠᠬᠤ ᠲᠤᠰᠬᠠᠶ ᠮᠡᠷᠭᠡᠵᠢᠯ ᠤᠨ ᠬᠤᠪᠢᠶᠠᠷᠢ ᠨᠡᠶᠢᠭᠡᠮᠯᠢᠭ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠵᠢᠩᠬᠢᠨᠢ ᠪᠠᠷ ᠪᠠᠶᠢᠭᠤᠯᠤᠭᠳᠠᠪᠠ᠃ ᠦᠬᠠᠶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠵᠢᠶᠦ᠋ᠨ ᠫᠢᠩ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠤ᠋ ᠶᠠᠨ᠂ ᠪᠡᠭᠡᠵᠢᠩ ᠤᠨ ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶᠠᠨ ᠤ ᠡᠩ ᠤᠨ ᠭᠠᠳᠠᠷ ᠡᠮᠨᠡᠯᠭᠡ ᠶᠢᠨ ᠬᠦᠨᠳᠦ ᠶᠢ ᠪᠠᠭᠠᠰᠬᠠᠬᠤ ᠲᠥᠪ ᠤᠨ ᠡᠷᠬᠢᠯᠡᠭᠴᠢ ᠮᠧᠩ ᠬᠤᠸᠠ ᠫᠷᠣᠫᠧᠰᠰᠤᠷ ᠤᠨ ᠪᠦᠯᠬᠦᠮ ᠵᠢᠴᠢ ᠬᠤᠲᠠ᠂ ᠲᠣᠭᠤᠷᠢᠭ ᠬᠤᠶᠠᠷ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠮᠲᠤᠪᠠᠷ ᠲᠣᠰ ᠤᠳᠠᠭᠠᠨ ᠤ ᠫᠠᠶᠢᠰᠠ ᠰᠡᠬᠦᠬᠦ ᠶᠣᠰᠣᠯᠠᠯ ᠳᠤ ᠤᠷᠤᠯᠴᠠᠪᠠ᠃  ᠡᠨᠡ ᠨᠢ ᠦᠬᠠᠶ ᠬᠤᠲᠠ ᠶᠢᠨ ᠬᠦᠨᠳᠦ ᠶᠢ ᠪᠠᠭᠠᠰᠬᠠᠬᠤ ᠠᠨᠠᠭᠠᠬᠤ ᠤᠬᠠᠭᠠᠨ ᠤ ᠬᠦᠷᠢᠶᠡᠨ ᠳᠠᠬᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠬᠢᠭᠡᠳ ᠣᠷᠣᠨ ᠪᠦᠰᠡ ᠶᠢᠨ ᠬᠠᠮᠵᠢᠯᠴᠠᠭ᠎ᠠ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃
640.jpg  
    ︵ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶᠠᠨ ᠤ ᠡᠩ ᠤᠨ ᠭᠠᠳᠠᠷ ᠰᠠᠯᠠᠭᠠᠨ ᠤ ᠬᠦᠨᠳᠦ ᠶᠢ ᠪᠠᠭᠠᠰᠬᠠᠬᠤ ᠲᠥᠪ ᠤᠨ ᠡᠷᠬᠢᠯᠡᠭᠴᠢ ᠮᠧᠩ ᠬᠤᠸᠠ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠦ ᠶᠠᠨ᠂ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠶᠡᠷᠦᠩᠬᠡᠶ ᠡᠭᠦᠷ ᠤᠨ ᠱᠦᠵᠢ ᠸᠠᠩ ᠰᠢᠶᠦ᠋ᠩ ᠬᠠᠮᠲᠤ ᠪᠠᠷ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠬᠦᠨᠳᠦ ᠰᠢᠬᠢᠷ ᠰᠢᠵᠢᠩ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠤᠰᠬᠠᠶ ᠡᠪᠡᠳᠴᠢᠨ ᠤ ᠡᠮᠴᠢᠯᠡᠭᠡᠨ ᠤ ᠬᠤᠯᠪᠣᠭᠠᠲᠤ ᠴᠣᠭᠴᠠ ᠳᠤ ᠫᠠᠶᠢᠰᠠ ᠰᠡᠬᠦᠪᠡ︶
640 (1).jpg
       ︵ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶᠠᠨ ᠤ ᠡᠩ ᠤᠨ ᠭᠠᠳᠠᠷ ᠰᠠᠯᠠᠭᠠᠨ ᠤ ᠬᠦᠨᠳᠦ ᠶᠢ ᠪᠠᠭᠠᠰᠬᠠᠬᠤ ᠲᠥᠪ ᠤᠨ ᠡᠷᠬᠢᠯᠡᠭᠴᠢ ᠮᠧᠩ ᠬᠤᠸᠠ᠂ ᠦᠬᠠᠶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠵᠢᠶᠦ᠋ᠨ ᠫᠢᠩ᠂ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠰᠢᠶᠤᠤ ᠵᠢᠶ ᠴᠤᠸᠠᠨ ᠬᠠᠮᠲᠤ ᠪᠠᠷ ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶᠠᠨ ᠤ ᠬᠦᠨᠳᠦ ᠶᠢ ᠪᠠᠭᠠᠰᠬᠠᠬᠤ ᠲᠤᠰᠬᠠᠶ ᠡᠪᠡᠳᠴᠢᠨ ᠤ ᠡᠮᠴᠢᠯᠡᠭᠡᠨ ᠤ ᠬᠤᠯᠪᠣᠭᠠᠲᠤ ᠴᠣᠭᠴᠠ ᠶᠢᠨ ᠫᠠᠶᠢᠰᠠ ᠶᠢ ᠰᠡᠬᠦᠪᠡ︶        ᠫᠠᠶᠢᠰᠠ ᠰᠡᠬᠦᠬᠦ ᠶᠣᠰᠣᠯᠠᠯ ᠤᠨ ᠲᠠᠷᠠᠭ᠎ᠠ᠂ ᠶᠡᠭᠡ ᠬᠤᠷᠠᠯ ᠡᠷᠳᠡᠮ ᠰᠢᠨᠵᠢᠯᠡᠭᠡᠨ ᠤ ᠰᠣᠯᠢᠯᠴᠠᠭᠠᠨ ᠤ ᠭᠤᠭᠴᠤᠭ᠎ᠠ ᠳᠤ ᠣᠷᠣᠪᠠ᠃ ᠬᠤ᠋ ᠶᠠᠩ ᠰᠢ᠂ ᠸᠠᠩ ᠵᠧ᠂ ᠦ᠋ ᠼᠠᠩ ᠬᠤᠢ ᠵᠡᠷᠭᠡ ᠲᠤᠰᠬᠠᠢ ᠮᠡᠷᠭᠡᠵᠢᠯᠲᠡᠨ ᠲᠤᠰ ᠲᠤᠰ ᠮᠠᠷᠢᠶᠠᠯᠠᠬᠤ ᠡᠪᠡᠳᠴᠢᠨ᠂ ᠰᠢᠬᠢᠷ ᠰᠢᠵᠢᠩ ᠡᠪᠡᠳᠴᠢᠨ ᠤ ᠭᠠᠳᠠᠷ ᠡᠮᠨᠡᠯᠭᠡ ᠶᠢᠨ ᠣᠨᠣᠰᠢᠯᠠᠨ ᠡᠮᠨᠡᠬᠦ ᠲᠥᠪ ᠤᠨ ᠬᠥᠭᠵᠢᠯᠲᠡ᠂ ᠠᠨᠠᠭᠠᠬᠤ ᠤᠬᠠᠭᠠᠨ ᠤ ᠬᠦᠨᠳᠦ ᠶᠢ ᠪᠠᠭᠠᠰᠬᠠᠬᠤ ᠰᠢᠮ᠎ᠡ ᠲᠡᠵᠢᠭᠡᠯ ᠤᠨ ᠬᠠᠮᠢᠶᠠᠷᠤᠯᠲᠠ ᠵᠢᠴᠢ ᠬᠦᠨᠳᠦ ᠶᠢ ᠪᠠᠭᠠᠰᠬᠠᠬᠤ ᠮᠡᠰᠡ ᠵᠠᠰᠠᠯ ᠤᠨ ᠲᠤᠷᠰᠢᠯᠭ᠎ᠠ ᠵᠡᠷᠭᠡ ᠭᠤᠣᠯ ᠰᠡᠳᠦᠪ ᠤᠨ ᠲᠣᠭᠤᠷᠢᠨ ᠳᠤ ᠬᠤᠪᠢᠶᠠᠯᠴᠠᠨ ᠡᠳ᠋ᠯᠡᠵᠦ᠂ ᠬᠤᠷᠠᠯ ᠳᠤ ᠣᠷᠣᠯᠴᠠᠭᠰᠠᠳ ᠲᠤ ᠡᠮᠦᠨ᠎ᠡ ᠵᠠᠬ᠎ᠠ ᠶᠢᠨ ᠮᠡᠳᠡᠯᠭᠡ ᠪᠣᠯᠤᠨ ᠬᠡᠷᠡᠭᠯᠡᠭᠡᠨ ᠤ ᠲᠤᠷᠰᠢᠯᠭ᠎ᠠ ᠬᠠᠩᠭᠠᠵᠤ᠂ ᠲᠤᠬᠠᠢ ᠶᠢᠨ ᠲᠠᠯᠠᠪᠤᠷ ᠲᠤ ᠪᠠᠶᠢᠨ ᠳᠠᠬᠢᠨ ᠬᠥᠳᠡᠯᠦᠯᠴᠡᠵᠦ᠂ ᠡᠷᠳᠡᠮ ᠰᠢᠨᠵᠢᠯᠡᠭᠡᠨ ᠤ ᠠᠭᠤᠷ ᠠᠮᠢᠰᠬᠤᠯ ᠬᠥᠭᠵᠢᠶᠡᠨᠲᠡᠢ ᠪᠠᠶᠢᠯ᠎ᠠ᠃
640 (2).jpg   
    ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠦᠬᠠᠶ ᠬᠤᠲᠠ ᠶᠢᠨ  ᠬᠦᠨᠳᠦ ᠶᠢ ᠪᠠᠭᠠᠰᠬᠠᠬᠤ ᠠᠨᠠᠭᠠᠬᠤ ᠤᠬᠠᠭᠠᠨ ᠤ ᠰᠤᠯᠢᠯᠴᠠᠭᠠᠨ ᠤ ᠰᠢᠨ᠎ᠡ ᠲᠠᠪᠴᠠᠩ ᠢ ᠪᠠᠶᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠪᠥᠬᠦ ᠬᠤᠲᠠ ᠶᠢᠨ ᠬᠦᠨᠳᠦ ᠶᠢ ᠪᠠᠭᠠᠰᠬᠠᠬᠤ ᠡᠮᠴᠢᠯᠡᠭᠡᠨ ᠤ ᠦᠢᠯᠡᠴᠢᠯᠡᠭᠡ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠦᠨᠳᠦ ᠶᠢ ᠪᠠᠭᠠᠰᠬᠠᠬᠤ ᠠᠨᠠᠭᠠᠬᠤ ᠤᠬᠠᠭᠠᠨ ᠤ ᠬᠦᠷᠢᠶᠡᠨ ᠳᠠᠬᠢ ᠭᠦᠨᠵᠡᠭᠡᠶ ᠬᠠᠮᠲᠤᠷᠠᠯᠴᠠᠭ᠎ᠠ ᠶᠢ ᠡᠬᠢᠯᠡᠭᠦᠯᠬᠦ ᠶᠢ ᠬᠠᠷᠠᠭᠤᠯᠵᠤ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠬᠦᠴᠦᠲᠡᠢ ᠠᠬᠢᠭᠤᠯᠵᠤ᠂ ᠬᠦᠨᠳᠦ ᠶᠢ ᠪᠠᠭᠠᠰᠬᠠᠬᠤ ᠡᠮᠴᠢᠯᠡᠭᠡᠨ ᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠨᠡᠩ ᠤᠯᠠᠨ ᠡᠪᠡᠳᠴᠢᠲᠡᠨ ᠳᠤ ᠲᠤᠰᠬᠠᠢ ᠮᠡᠷᠭᠡᠵᠢᠯ ᠤᠨ ᠬᠦᠨᠳᠦ ᠶᠢ ᠪᠠᠭᠠᠰᠬᠠᠬᠤ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ ᠡᠷᠡᠭᠦᠯ ᠡᠩᠬᠡ ᠦᠬᠠᠢ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃
640 (3).jpg   
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号