ᠲᠤᠬᠠᠢ ᠶᠢᠨ ᠭᠠᠵᠠᠷ ᠤᠨ ᠴᠠᠭ ᠢᠶᠠᠷ 5 ᠳ᠋ᠤᠭᠠᠷ ᠰᠠᠷ᠎ᠠ ᠶᠢᠨ 9 ᠤ ᠡᠳᠦᠷ᠂ ᠣᠷᠣᠰ ᠤᠨ ᠬᠢᠨ ᠤ ᠵᠥᠪᠯᠡᠯᠲᠦ ᠶᠢᠨ | ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠪᠠᠶᠠᠷ ᠤᠨ | ᠶᠣᠰᠣᠯᠠᠯ ᠤᠨ ᠭᠤᠣᠯ ᠲᠠᠶᠢᠰᠠᠨ ᠳᠡᠭᠡᠷ᠎ᠡ᠂ ᠲᠡᠷᠢᠭᠦᠯᠡᠭᠴᠢ ᠰᠢ ᠶᠢᠨ ᠫᠢᠩ ᠳᠡᠷᠭᠡᠳᠡᠬᠢ ᠠᠬᠠᠮᠠᠳ ᠪᠠᠶᠢᠯᠳᠤᠭᠴᠢᠳ ᠲᠠᠢ | ᠳᠣᠲᠣᠨᠣᠰᠤᠭ ᠢᠶᠠᠷ ᠶᠠᠷᠢᠯᠴᠠᠵᠤ ᠪᠠᠶᠢᠨ᠎ᠠ᠃ | 10 ᠵᠢᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠮᠣᠰᠺᠸᠠ ᠳᠤ ᠣᠷᠣᠰ ᠤᠨ ᠠᠬᠠᠮᠠᠳ ᠪᠠᠶᠢᠯᠳᠤᠭᠴᠢᠳ ᠤᠨ | 18 ᠲᠥᠯᠥᠭᠡᠯᠡᠭᠴᠢ ᠯᠦᠭᠡ ᠲᠤᠰᠬᠠᠶᠢᠯᠠᠨ ᠠᠭᠤᠯᠵᠠᠯᠲᠠ ᠬᠢᠭᠰᠡᠨ ᠪᠢᠯᠡ᠃ ᠲᠤᠰ ᠵᠢᠯ ᠤᠨ ᠬᠢᠨᠢ 9 ᠳ᠋ᠦ᠋ᠭᠡᠷ ᠰᠠᠷ᠎ᠠ ᠳᠤ᠂ | ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠢᠯᠠᠯᠲᠠ | ᠣᠯᠣᠭᠰᠠᠨ 70 ᠵᠢᠯ ᠤᠨ ᠤᠢ ᠶᠢᠨ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠳᠡᠭᠡᠷ᠎ᠡ᠂ ᠶᠠᠫᠤᠨ ᠢ ᠡᠰᠡᠷᠭᠦᠴᠡᠭᠰᠡᠨ | ᠳᠠᠶᠢᠨ ᠳᠤ ᠣᠷᠣᠯᠴᠠᠭᠰᠠᠨ ᠠᠬᠠᠮᠠᠳ ᠪᠠᠶᠢᠯᠳᠤᠭᠴᠢ ᠠᠬᠠᠮᠠᠳ ᠨᠥᠬᠦᠳ᠂ ᠶᠠᠫᠤᠨ ᠢ ᠡᠰᠡᠷᠭᠦᠴᠡᠭᠰᠡᠨ ᠳᠠᠶᠢᠨ ᠤ ᠵᠠᠩᠵᠤᠨ | ᠺᠣᠮᠠᠨᠳ᠋ᠯᠠᠭᠴᠢ ᠨᠠᠷ᠂ ᠳᠤᠮᠳᠠᠳᠤ ᠤᠯᠤᠰ ᠤᠨ ᠶᠠᠫᠤᠨ ᠢ ᠡᠰᠡᠷᠭᠦᠴᠡᠭᠰᠡᠨ ᠳᠠᠶᠢᠨ ᠢ ᠬᠠᠪᠰᠤᠷᠤᠨ ᠳᠡᠮᠵᠢᠭᠰᠡᠨ ᠤᠯᠠᠨ | ᠤᠯᠤᠰ ᠤᠨ ᠨᠥᠬᠦᠷᠰᠡᠭ ᠬᠥᠮᠥᠰ ᠪᠤᠶᠤ ᠨᠥᠭᠴᠢᠭᠰᠡᠳ ᠤᠨ ᠭᠡᠷ ᠪᠦᠯᠢ ᠶᠢᠨ ᠲᠥᠯᠥᠭᠡᠯᠡᠭᠴᠢᠳ ᠲᠤ ᠳᠤᠷᠠᠰᠬᠠᠯ ᠤᠨ | ᠲᠡᠮᠳᠡᠭ ᠭᠠᠷᠳᠠᠭᠤᠯᠪᠠ᠃ | ᠦᠭᠡ ᠶᠠᠷᠢᠶ᠎ᠠ ᠦᠢᠯᠡ ᠠᠵᠢᠯᠯᠠᠭ᠎ᠠ ᠪᠦᠬᠦᠨ ᠳᠤ ᠨᠢ ᠴᠢᠩ ᠦᠨᠡᠨᠴᠢ ᠰᠡᠳᠬᠢᠯ ᠪᠢᠯᠬᠠᠷᠠᠨᠠᠮ᠂ ᠰᠡᠳᠬᠢᠯ ᠢ ᠬᠥᠳᠡᠯᠭᠡᠮ᠎ᠡ | ᠬᠤᠷᠣᠮ ᠮᠦᠴᠡ ᠶᠢ ᠬᠠᠮᠲᠤ ᠪᠠᠷ ᠡᠷᠭᠢᠴᠡᠭᠦᠯᠵᠡᠭᠡᠶᠡ᠃ | |