ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠢᠴᠢ ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠨᠢᠯᠴᠠᠭᠤᠯᠭ᠎ᠠ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2025/5/13
    ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠨ᠎ᠡ ᠪᠠᠷ ᠬᠥᠭᠵᠢᠭᠰᠡᠨ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠤᠬᠠᠶ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ︽ᠬᠠᠶᠢᠷᠤᠪ ᠤᠨ ᠲᠣᠬᠤᠶ ᠲᠣᠭᠤᠷᠢᠭ ᠤᠨ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ︿ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ﹀ ᠵᠢᠴᠢ ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠨᠢᠯᠴᠠᠭᠤᠯᠭ᠎ᠠ ᠶᠢᠨ ᠬᠤᠷᠠᠯ ᠤᠨ ᠠᠵᠢᠯᠯᠠᠭ᠎ᠠ︾ ᠦᠬᠠᠶ ᠬᠤᠲᠠ ᠶᠢᠨ ᠶᠦᠨ ᠹᠸᠢ ᠦᠵᠦᠮ ᠤᠨ ᠠᠷᠢᠬᠢ ᠶᠢᠨ ᠭᠠᠵᠠᠷ ᠲᠤ ᠶᠠᠪᠤᠭᠳᠠᠪᠠ᠃ ᠬᠤᠲᠠ᠂ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠤᠳᠤᠷᠢᠳᠤᠯᠭ᠎ᠠ᠂ ᠲᠣᠰᠬᠤᠨ ︵ᠨᠡᠶᠢᠭᠡᠮ ᠲᠣᠭᠤᠷᠢᠭ︶᠎ ᠤ ᠪᠠᠶᠠᠵᠢᠯ ᠤᠨ ᠳᠠᠭᠠᠭᠤᠯᠤᠭᠴᠢ ᠵᠢᠴᠢ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠭᠡᠮᠯᠢᠭ ᠵᠡᠷᠭᠡ ᠰᠢᠨ᠎ᠡ ᠪᠠᠷ ᠬᠥᠭᠵᠢᠭᠰᠡᠨ ᠬᠦᠷᠢᠶᠡᠨ ᠤ ᠲᠥᠯᠥᠭᠡᠯᠡᠭᠴᠢ ᠨᠡᠶᠢᠲᠡ 70 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃
640.jpg   
    ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠨᠢ ᠴᠠᠭ ᠦᠶ᠎ᠡ ᠶᠢᠨ ᠬᠥᠭᠵᠢᠯᠲᠡ ᠶᠢ ᠬᠦᠳᠦᠯᠦᠨ ᠳᠠᠭᠠᠭᠤᠯᠬᠤ ᠭᠤᠣᠯ ᠬᠥᠳᠡᠯᠭᠡᠬᠦ ᠬᠦᠴᠦᠨ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ ᠲᠣᠰ ᠤᠳᠠᠭᠠᠨ ᠤ ᠠᠵᠢᠯᠯᠠᠭ᠎ᠠ ᠨᠢ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠬᠤ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠪᠠᠷ ᠬᠥᠭᠵᠢᠭᠰᠡᠨ ᠬᠦᠷᠢᠶᠡᠨ ᠳᠠᠬᠢ ︽1136︾ ᠠᠵᠢᠯ ᠤᠨ ᠰᠢᠰᠲ᠋ᠧᠮ ᠤᠨ ᠰᠢᠨ᠎ᠡ ᠶᠢ ᠡᠭᠦᠳᠦᠨ ᠪᠠᠶᠢᠭᠤᠯᠪᠠ᠃ ︽ᠨᠢᠭᠡ ᠶᠡᠷᠦᠩᠬᠡᠶ ᠬᠠᠷᠠᠯᠲᠠ︾᠎ ᠳᠤ ᠠᠩᠬᠠᠷᠤᠯ ᠢᠶᠠᠨ ᠲᠥᠪᠯᠡᠷᠡᠭᠦᠯᠬᠦ᠂ ︽ᠠᠵᠤ ᠠᠬᠤᠶᠢᠯᠠᠯ ᠳᠤ ᠠᠰᠢᠭ ᠬᠦᠷᠲᠡᠭᠡᠵᠦ ᠰᠢᠨ᠎ᠡ ᠶᠢ ᠳᠤᠯᠠᠭᠠᠯᠠᠬᠤ︾ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠭᠦᠨᠵᠡᠭᠡᠶᠢᠷᠡᠭᠦᠯᠬᠦ᠂ ︽ᠭᠤᠷᠪᠠᠨ ᠶᠡᠭᠡ ᠰᠠᠭᠤᠷᠢ ᠶᠢ ᠬᠦᠴᠦᠷᠬᠡᠭᠵᠢᠭᠦᠯᠬᠦ ᠢᠨᠵᠧᠨᠧᠷᠢᠩ︾᠎ ᠢ ᠠᠬᠢᠭᠤᠯᠬᠤ᠂ ︽ᠵᠢᠷᠭᠤᠭᠠᠨ ᠶᠡᠭᠡ ᠬᠦᠴᠦᠨ ᠢᠶᠠᠨ ᠲᠥᠪᠯᠡᠷᠡᠭᠦᠯᠬᠦ ᠠᠵᠢᠯᠯᠠᠭ᠎ᠠ︾᠎ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠰᠢᠨ᠎ᠡ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠬᠥᠭᠵᠢᠯᠲᠡ ᠳᠤ ᠲᠠᠰᠤᠷᠠᠯᠲᠠ ᠥᠬᠡᠶ ︽ᠬᠤᠪᠢᠰᠬᠠᠯ ᠤᠨ ᠬᠥᠳᠡᠯᠭᠡᠬᠦ ᠬᠦᠴᠦᠨ︾ ᠨᠡᠮᠡᠷᠢᠯᠡᠪᠡ᠃
640 (1).jpg   
    ᠲᠥᠷᠥᠯ ᠵᠤᠶᠢᠯ ᠤᠨ ᠲᠠᠨᠢᠯᠴᠠᠭᠤᠯᠭ᠎ᠠ ᠶᠢᠨ ᠭᠤᠭᠴᠤᠭ᠎ᠠ ᠶᠢᠨ ᠲᠠᠯ᠎ᠠ ᠪᠠᠷ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢ ᠲᠠᠰ ᠳᠠᠷᠠᠭᠠᠯᠠᠨ ᠲᠠᠶᠢᠰᠠᠨ ᠳᠤ ᠭᠠᠷᠴᠤ᠂ ᠲᠣᠰ ᠲᠣᠰ ᠤᠨ ᠲᠥᠷᠥᠯ ᠵᠤᠶᠢᠯ ᠢᠶᠠᠨ ᠨᠠᠷᠢᠨ ᠲᠠᠨᠢᠯᠴᠠᠭᠤᠯᠪᠠ᠃ ᠴᠡᠭᠡᠯ ᠠᠭᠤᠯᠠ ᠪᠠᠯᠭᠠᠰᠤ ᠶᠢᠨ ᠲᠤᠸᠠᠨ ᠵᠢᠶᠧ ᠰᠢᠨ᠎ᠡ ᠲᠣᠰᠬᠤᠨ ᠤ ᠪᠣᠬᠢᠷᠲᠤᠯ ᠦᠭᠡᠢ ᠵᠠᠬᠢᠶᠠᠯᠠᠭ᠎ᠠ ᠶᠢᠨ ᠲᠠᠷᠢᠶᠠᠯᠠᠩ᠂ ᠸᠠᠩ ᠶᠤᠸᠠᠨ ᠳ᠋ᠢ ᠲᠣᠰᠬᠤᠨ ᠤ ᠵᠢᠶᠠᠩᠨᠠᠭᠰᠠᠨ ᠨᠣᠭᠤᠭ᠎ᠠ ᠶᠢᠨ ᠦᠢᠯᠡᠳᠪᠦᠷᠢ ᠪᠣᠯᠤᠨ ᠤᠢᠢᠷ᠎ᠠ ᠲᠡᠭᠦᠷᠭᠡ ᠶᠢᠨ ᠪᠢᠴᠢᠯ ᠵᠢᠭᠤᠯᠴᠢᠯᠠᠯ ᠵᠡᠷᠭᠡ ᠤᠯᠠᠨ ᠲᠣᠰᠬᠤᠨ ︵ᠨᠡᠶᠢᠭᠡᠮ ᠲᠣᠭᠤᠷᠢᠭ︶᠎ ᠤ ᠲᠦᠷᠦᠯ ᠵᠦᠢᠯ ᠨᠢ ᠴᠥᠮ ᠬᠥᠳᠡᠭᠡ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠪᠣᠯᠤᠨ ᠬᠥᠭᠵᠢᠯᠲᠡ ᠶᠢᠨ ᠳᠠᠯᠳᠠ ᠬᠦᠴᠦᠨ ᠢ ᠭᠦᠢᠴᠡᠳ ᠠᠭᠤᠳᠠᠯᠪᠠ᠃ ᠠᠵᠤ ᠠᠬᠤᠶᠢᠯᠠᠯ ᠤᠨ ᠲᠥᠯᠥᠭᠡᠯᠡᠭᠴᠢ ᠴᠦ ᠲᠣᠰ ᠲᠣᠰ ᠤᠨ ᠬᠦᠷᠢᠶᠡᠨ ᠳᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠲᠤᠬᠠᠶ ᠨᠠᠷᠢᠨ ᠲᠠᠨᠢᠯᠴᠠᠭᠤᠯᠵᠤ᠂ ᠲᠡᠳᠡᠨ ᠤ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠵᠢᠭᠤᠯᠴᠢᠯᠠᠯ ᠵᠡᠷᠭᠡ ᠣᠯᠠᠨ ᠬᠦᠷᠢᠶᠡᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠡᠷᠡᠰ ᠵᠣᠷᠢᠭ ᠪᠠ ᠪᠣᠳᠠᠲᠤ ᠬᠦᠴᠦᠨ ᠢ ᠳᠡᠯᠭᠡᠨ ᠦᠵᠡᠭᠦᠯᠵᠡᠶ᠃ ᠲᠦᠷᠦᠯ ᠵᠦᠢᠯ ᠨᠢᠭᠡᠪᠦᠷᠢ ᠶᠢᠨ ᠲᠠᠨᠢᠯᠴᠠᠭᠤᠯᠭ᠎ᠠ ᠴᠥᠮ ᠲᠠᠶᠢᠰᠠᠨ ᠳᠣᠣᠷᠠᠬᠢ ᠬᠤᠷᠠᠯ ᠳᠤ ᠣᠷᠣᠯᠴᠠᠭᠰᠠᠳ ᠤᠨ ᠳᠤᠷ᠎ᠠ ᠰᠣᠨᠢᠷᠬᠠᠯ ᠢ ᠲᠠᠲᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃
640 (2).jpg 
    ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠂ ᠨᠠᠮ ᠤᠨ ᠪᠠᠶᠢᠭᠤᠯᠤᠯᠲᠠ ᠶᠢᠨ ᠰᠢᠨ᠎ᠡ ᠪᠠᠷ ᠮᠠᠨᠳᠤᠭᠰᠠᠨ ᠬᠦᠷᠢᠶᠡᠨ ᠤ ᠬᠥᠭᠵᠢᠯᠲᠡ ᠶᠢ ᠬᠦᠳᠦᠯᠦᠨ ᠳᠠᠭᠠᠭᠤᠯᠬᠤ ᠦᠢᠯᠡᠳᠦᠯᠭᠡ ᠶᠢᠨ ᠠᠷᠭ᠎ᠠ ᠵᠠᠮ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠤᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ᠂ ᠬᠠᠮᠵᠢᠯᠴᠠᠨ ᠬᠥᠭᠵᠢᠬᠦ︾ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠡᠬᠢ ᠪᠠᠶᠠᠯᠢᠭ ᠢ ᠨᠡᠶᠢᠳᠬᠡᠬᠦ᠂ ᠵᠠᠰᠠᠭ ᠠᠵᠤ ᠠᠬᠤᠶᠢᠯᠠᠯ ᠢ ᠵᠣᠯᠭᠠᠭᠤᠯᠬᠤ ᠳᠤᠮᠳᠠᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠨᠡᠩ ᠤᠯᠠᠨ ᠵᠢᠱᠢᠶ᠎ᠡ ᠦᠵᠡᠭᠦᠯᠬᠦ ᠦᠢᠯᠡᠳᠦᠯ ᠲᠠᠢ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠲᠦᠷᠦᠯ ᠵᠦᠢᠯ ᠢ ᠡᠭᠦᠳᠴᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠬᠦᠳᠦᠯᠦᠨ ᠳᠠᠭᠠᠭᠤᠯᠵᠤ᠂ ᠰᠢᠨ᠎ᠡ ᠴᠠᠭ ᠦᠶ᠎ᠡ ᠶᠢᠨ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
640 (3).jpg   
    ᠲᠣᠰ ᠤᠳᠠᠭᠠᠨ ᠤ ᠠᠵᠢᠯᠯᠠᠭ᠎ᠠ ᠶᠢ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠶᠢᠨ ᠬᠡᠯᠲᠡᠰ᠂ ᠬᠠᠶᠢᠷᠤᠪ ᠤᠨ ᠲᠣᠬᠤᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠭᠤᠤᠯᠯᠠᠨ ᠡᠷᠬᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤ᠂ ᠯᠢᠨ ᠶᠢᠨ ᠵᠡᠭᠡᠯᠢ ᠭᠤᠳᠤᠮᠵᠢ᠂ ᠪᠢᠨ ᠾᠧ ᠵᠡᠭᠡᠯᠢ ᠭᠤᠳᠤᠮᠵᠢ᠂ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠦᠵᠦᠮ ᠤᠨ ᠠᠵᠤ ᠦᠢᠯᠡᠰ ᠤᠨ ᠨᠡᠶᠢᠭᠡᠮᠯᠢᠭ ᠠᠴᠠ ᠬᠠᠪᠰᠤᠷᠤᠨ ᠡᠷᠬᠢᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号