ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠲᠥᠯᠥᠭᠡ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠲᠥᠪ ᠣᠶᠢᠷ᠎ᠠ ᠳᠤ ᠶᠡᠷᠦᠩᠬᠡᠶᠢᠯᠡᠭᠰᠡᠨ ᠥᠪᠡᠰᠦᠪᠡᠨ ᠦᠢᠯᠡᠴᠢᠯᠡᠬᠦ ᠲᠣᠭᠤᠷᠢᠭ ᠢ | ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠬᠦ ᠶᠢᠨ ᠬᠠᠮᠲᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ | ᠲᠣᠰ ᠦᠢᠯᠡᠴᠢᠯᠡᠭᠡᠨ ᠤ ᠲᠣᠭᠤᠷᠢᠭ ᠨᠢ ᠶᠡᠭᠡ ᠲᠢᠩᠬᠢᠮ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ᠂ ᠪᠠᠶᠢᠷᠢᠰᠢᠭᠤᠯᠤᠯᠲᠠ ᠶᠢ ᠲᠣᠬᠢᠷᠠᠭᠤᠯᠬᠤ᠂ ᠲᠠᠷᠠᠬᠠᠶ ᠪᠤᠲᠠᠷᠬᠠᠶ ᠠᠦ᠋ᠲ᠋ᠣ᠋ ᠦᠢᠯᠡᠴᠢᠯᠡᠭᠡᠨ ᠤ | ᠦᠵᠦᠭᠦᠷ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠥᠪᠡᠰᠦᠪᠡᠨ ᠦᠢᠯᠡᠴᠢᠯᠡᠬᠦ ᠪᠠᠲᠤᠯᠠᠭ᠎ᠠ ᠶᠢ ᠴᠢᠩᠭᠠᠷᠠᠭᠤᠯᠵᠤ᠂ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡ ᠶᠢ ︽ᠥᠪᠡᠰᠦᠪᠡᠨ ᠭᠦᠢᠴᠡᠳᠬᠡᠬᠦ᠂ | ᠲᠥᠪᠯᠡᠷᠡᠭᠦᠯᠦᠨ ᠭᠦᠢᠴᠡᠳᠬᠡᠬᠦ᠂ ᠥᠨᠳᠥᠷ ᠦᠷ᠎ᠡ ᠪᠦᠲᠦᠮᠵᠢᠲᠡᠶ ᠪᠠᠷ ᠭᠦᠢᠴᠡᠳᠬᠡᠬᠦ︾ ᠶᠢ ᠪᠡᠶᠡᠯᠡᠭᠦᠯᠦᠨ᠎ᠡ᠃ | | ᠨᠢᠭᠡ᠂ ᠣᠶᠤᠨᠴᠢ ᠲᠣᠨᠤᠭ ᠲᠥᠬᠦᠭᠡᠷᠦᠮᠵᠢ ᠶᠢ ᠬᠤᠷᠠᠮᠳᠤᠭᠤᠯᠵᠤ᠂ ︽ᠨᠢᠭᠡ ᠥᠷᠲᠡᠭᠡ ᠮᠠᠶ᠋ᠢᠭ︾ ᠤᠨ | ᠦᠢᠯᠡᠴᠢᠯᠡᠭᠡᠨ ᠤ ᠲᠤᠰᠬᠠᠶ ᠲᠣᠭᠤᠷᠢᠭ ᠢ ᠪᠣᠶ ᠪᠣᠯᠭᠠᠨ᠎ᠠ | ᠰᠢᠨ᠎ᠡ ᠪᠠᠷ ᠪᠠᠶᠢᠭᠤᠯᠤᠭᠳᠠᠭᠰᠠᠨ ᠶᠡᠷᠦᠩᠬᠡᠶᠢᠯᠡᠭᠰᠡᠨ ᠥᠪᠡᠷᠲᠡᠭᠡᠨ ᠦᠢᠯᠡᠴᠢᠯᠡᠬᠦ ᠲᠣᠭᠤᠷᠢᠭ ᠨᠢ ᠥᠯᠥ ᠬᠥᠳᠡᠯᠬᠦ | ᠬᠥᠷᠥᠩᠭᠡ ᠶᠢᠨ ᠲᠤᠬᠠᠶᠢᠯᠠᠭᠰᠠᠨ ᠠᠵᠢᠯ ᠤᠨ ᠲᠢᠩᠬᠢᠮ ᠤᠨ ᠪᠠᠷᠠᠭᠤᠨ ᠲᠠᠯ᠎ᠠ ᠳᠤ ᠪᠠᠶᠢᠷᠢᠯᠠᠵᠤ᠂ ᠨᠡᠶᠢᠲᠡ 7 ᠪᠦᠯᠦᠭ | ᠣᠶᠤᠨᠴᠢ ᠲᠥᠬᠦᠭᠡᠷᠦᠮᠵᠢ ᠶᠢ ᠳᠣᠭᠢᠷᠠᠭᠤᠯᠵᠤ᠂ ᠥᠪᠡᠰᠦᠪᠡᠨ ᠲᠠᠩᠰᠠ ᠡᠪᠬᠡᠮᠡᠯ ᠪᠠᠶᠢᠴᠠᠭᠠᠬᠤ᠂ ᠥᠪᠡᠰᠦᠪᠡᠨ | ᠭᠡᠷᠡᠴᠢ ᠥᠭᠬᠦ᠂ ᠥᠪᠡᠰᠦᠪᠡᠨ ᠭᠠᠶᠢᠯᠢ ᠲᠤᠰᠢᠶᠠᠬᠤ᠂ ᠥᠪᠡᠰᠦᠪᠡᠨ ᠳ᠋ᠤᠭᠠᠷᠯᠠᠬᠤ ᠵᠡᠷᠭᠡ ᠣᠯᠠᠨ ᠵᠦᠢᠯ ᠤᠨ | ᠴᠢᠳᠠᠮᠵᠢ ᠶᠢ ᠴᠤᠭᠯᠠᠭᠤᠯᠪᠠ᠃ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠲᠣᠰ ᠣᠷᠣᠨ ᠪᠦᠰᠡ ᠶᠢᠨ | ᠳᠣᠲᠣᠷ᠎ᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ | ᠭᠡᠷᠡᠴᠢᠯᠡᠯ ᠳᠠᠷᠤᠮᠠᠯᠯᠠᠬᠤ᠂ ᠭᠠᠷ ᠳᠠᠮᠵᠢᠭᠰᠠᠨ ᠬᠡᠷ ᠪᠠᠶᠢᠰᠢᠩ ᠵᠢᠴᠢ ᠨᠢᠭᠡ ᠲᠠᠯ᠎ᠠ ᠶᠢᠨ ᠬᠡᠷ ᠤᠨ ᠭᠠᠶᠢᠯᠢ | ᠲᠤᠰᠢᠶᠠᠬᠤ ᠪᠠᠷ ᠭᠤᠶᠤᠴᠢᠯᠠᠨ ᠮᠡᠳᠡᠭᠦᠯᠬᠦ᠂ ᠲᠤᠬᠠᠶᠢᠯᠠᠭᠰᠠᠨ ᠠᠵᠢᠯ ᠤᠨ ᠨᠣᠮᠧᠷ ᠠᠪᠬᠤ ᠵᠡᠷᠭᠡ ᠴᠤᠪᠤᠷᠠᠯ ᠢ | ᠠᠵᠢᠯᠯᠠᠭᠤᠯᠬᠤ ᠶᠢ ᠪᠡᠶᠡᠯᠡᠭᠦᠯᠵᠦ᠂ ︽ᠹᠢᠽᠢᠺ ᠤᠨ ᠣᠷᠣᠨ ᠵᠠᠶ ᠶᠢ ᠴᠤᠭᠯᠠᠭᠤᠯᠬᠤ︾ ᠪᠠᠷ ᠳᠠᠮᠵᠢᠭᠤᠯᠤᠨ ︽ | ᠲᠤᠬᠠᠶᠢᠯᠠᠭᠰᠠᠨ ᠠᠵᠢᠯ ᠤᠨ ᠴᠤᠪᠤᠷᠠᠯ ᠢ ᠬᠤᠣᠰᠯᠠᠭᠤᠯᠬᠤ︾ ᠶᠢ ᠪᠡᠶᠡᠯᠡᠭᠦᠯᠵᠦ᠂ ᠣᠯᠠᠨ ᠲᠦᠮᠡᠨ ᠤ ᠭᠦᠶᠦᠬᠦ | ᠤᠳᠠᠭ᠎ᠠ ᠪᠠ ᠬᠦᠯᠢᠶᠡᠬᠦ ᠴᠠᠭ ᠢ ᠪᠦᠲᠦᠮᠵᠢᠲᠡᠶ ᠪᠠᠭᠠᠰᠬᠠᠨ᠎ᠠ᠃ | | ᠬᠤᠶᠠᠷ᠂ ᠤᠶᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ︽ᠬᠤᠶᠠᠷ ᠦᠷ᠎ᠡ ᠪᠦᠲᠦᠮᠵᠢ︾ ᠶᠢ | ᠳᠡᠭᠡᠭᠰᠢᠯᠡᠭᠦᠯᠬᠦ ᠶᠢ ᠪᠡᠶᠡᠯᠡᠭᠦᠯᠦᠨ᠎ᠡ | ᠦᠢᠯᠡᠴᠢᠯᠡᠭᠡᠨ ᠤ ᠲᠣᠭᠤᠷᠢᠭ ᠲᠤ ︽ᠣᠶᠤᠨᠴᠢ ᠦᠵᠦᠭᠦᠷ + ᠬᠥᠮᠦᠨ ᠤ ᠬᠦᠴᠦ ᠪᠠᠷ ᠬᠥᠲᠥᠯᠦᠨ | ᠵᠢᠯᠣᠭᠤᠳᠬᠤ︾ ᠬᠤᠤᠰ ᠵᠠᠮ ᠤᠨ ᠠᠵᠢᠯᠯᠠᠭᠠᠨ ᠤ ᠵᠠᠭᠪᠤᠷ ᠢ ᠬᠡᠷᠡᠭᠯᠡᠪᠡ᠄ ᠨᠢᠭᠡ ᠲᠠᠯ᠎ᠠ ᠪᠠᠷ ᠲᠥᠬᠦᠭᠡᠷᠦᠮᠵᠢ ᠶᠢ | ᠬᠤᠯᠪᠣᠭᠠᠯᠠᠨ ᠬᠥᠳᠡᠯᠦᠯᠴᠡᠵᠦ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠷᠢᠯᠴᠠᠨ | ᠰᠣᠯᠢᠯᠴᠠᠬᠤ ᠶᠢ ᠪᠡᠶᠡᠯᠡᠭᠦᠯᠵᠦ᠂ ᠥᠪᠡᠰᠦᠪᠡᠨ ᠲᠠᠩᠰᠠ ᠲᠤᠰᠢᠶᠠᠭᠰᠠᠨ ᠦᠷ᠎ᠡ ᠳ᠋ᠦᠩ ᠢ ᠲᠡᠷᠡ ᠳᠠᠷᠤᠶ ᠳᠤᠨᠢ ᠭᠠᠶᠢᠯᠢ | ᠲᠤᠰᠢᠶᠠᠬᠤ ᠰᠢᠰᠲ᠋ᠧᠮ ᠳᠤ ᠳᠠᠮᠵᠢᠭᠤᠯᠬᠤ ᠶᠢ ᠦᠨᠡᠨ ᠬᠦ ᠪᠠᠲᠤᠯᠠᠵᠤ᠂ ᠭᠠᠶᠢᠯᠢ ᠰᠦᠢᠳᠭᠡᠯ ᠲᠤᠰᠢᠶᠠᠬᠤ ᠮᠡᠳᠡᠭᠡ | ᠵᠠᠩᠭᠢ ᠶᠢ ᠳᠠᠩᠰᠠᠯᠠᠬᠤ ᠰᠢᠰᠲ᠋ᠧᠮ ᠳᠤ ᠢᠵᠢᠯ ᠠᠯᠬᠤᠮ ᠢᠶᠠᠷ ᠳᠠᠮᠵᠢᠭᠤᠯᠤᠨ᠎ᠠ᠂ ᠨᠥᠭᠦᠭᠡ ᠲᠠᠯ᠎ᠠ ᠪᠠᠷ ᠵᠥᠪᠯᠡᠯᠭᠡ | ᠥᠭᠬᠦ ᠦᠢᠯᠡᠴᠢᠯᠡᠭᠡᠨ ᠤ ᠠᠵᠢᠯ ᠤᠨ ᠪᠠᠶᠢᠷᠢ ᠶᠢ ᠳᠣᠭᠢᠷᠠᠭᠤᠯᠵᠤ᠂ ᠲᠤᠰᠬᠠᠶ ᠮᠡᠷᠭᠡᠵᠢᠯ ᠤᠨ ᠬᠥᠲᠥᠯᠦᠨ | ᠵᠢᠯᠣᠭᠤᠳᠣᠭᠴᠢ ᠶᠢ ᠳᠣᠭᠢᠷᠠᠭᠤᠯᠤᠨ ᠪᠥᠬᠦ ᠶᠠᠪᠤᠴᠠ ᠶᠢᠨ ᠠᠵᠢᠯᠯᠠᠭᠠᠨ ᠤ ᠵᠢᠯᠣᠭᠤᠳᠣᠯᠭ᠎ᠠ ᠬᠠᠩᠭᠠᠵᠤ᠂ ︽ᠨᠢᠭᠡ | ᠮᠧᠲᠷ ᠤᠨ ᠱᠤᠭᠤᠮ︾ ᠤᠨ ᠮᠥᠷᠯᠡᠨ ᠬᠠᠮᠢᠶᠠᠷᠬᠤ ᠪᠠ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠵᠡᠷᠭᠡ ᠪᠠᠷ | ᠨᠠᠶᠢᠳᠠᠪᠤᠷᠢᠵᠢᠭᠤᠯᠤᠨ᠂ ᠠᠵᠢᠯ ᠶᠠᠪᠤᠳᠠᠯ ᠭᠦᠢᠴᠡᠳᠭᠡᠬᠦ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ | ᠣᠷᠴᠢᠨ ᠲᠣᠭᠤᠷᠢᠨ ᠢ ᠪᠣᠶ ᠪᠣᠯᠭᠠᠨ᠎ᠠ᠃ | | ᠲᠠᠷᠠᠭᠠᠴᠢ ᠶᠢᠨ ᠠᠯᠬᠤᠮ ᠳᠤ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠦᠢᠯᠡᠴᠢᠯᠡᠭᠡᠨ ᠤ ᠠᠵᠢᠯ ᠢᠶᠠᠨ ᠦᠷᠭᠦᠯᠵᠢᠯᠡᠨ | ᠰᠠᠶᠢᠲᠤᠷ ᠬᠢᠵᠦ᠂ ᠣᠯᠠᠨ ᠲᠦᠮᠡᠨ ᠢ ᠲᠠᠭᠠᠯᠠᠮᠵᠢᠲᠠᠶ ᠣᠷᠴᠢᠨ ᠲᠣᠭᠤᠷᠢᠨ ᠳᠤ ᠨᠠᠩ ᠲᠦᠷᠭᠡᠨ ᠠᠵᠢᠯ ᠬᠢᠯᠭᠡᠵᠦ᠂ | ᠣᠯᠠᠨ ᠲᠦᠮᠡᠨ ᠳᠤ ᠨᠠᠩ ᠣᠨᠣᠪᠴᠢᠲᠠᠶ᠂ ᠨᠠᠩ ᠴᠢᠨᠠᠷ ᠰᠠᠶᠢᠲᠠᠶ᠂ ᠨᠠᠩ ᠥᠨᠳᠥᠷ ᠪᠦᠲᠦᠮᠵᠢᠲᠡᠶ ᠳᠣᠲᠣᠨᠣ | ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ | ᠦᠨᠡᠨ ᠬᠦ ᠨᠡᠮᠡᠭᠳᠡᠭᠦᠯᠦᠨ᠎ᠡ᠃ | |