ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ  ᠲᠤᠪᠴᠢᠶ᠎ᠠ  ︽ᠬᠠᠤᠯᠢᠴᠢ ᠶᠢᠨ ᠠᠵᠤ ᠠᠬᠤᠶᠢᠯᠠᠯ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠤᠶᠢᠯᠡᠴᠢᠯᠡᠭᠡᠨ ᠤ ᠠᠵᠢᠯᠯᠠᠭ᠎ᠠ︾  ᠦᠷᠨᠢᠭᠦᠯᠪᠡ
ᠨᠡᠶᠢᠲᠡᠯᠡᠭᠰᠡᠨ ᠴᠠᠭ᠄
2025/5/14
    ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠳᠠᠭᠠᠵᠤ᠂ ᠬᠠᠤᠯᠢᠴᠢ ᠶᠢᠨ ᠠᠵᠢᠯ ᠲᠥᠷᠥᠯ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢ ᠭᠦᠢᠴᠡᠤᠡ ᠪᠠᠳᠠᠷᠠᠭᠤᠯᠤᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠤᠡᠪᠤᠷᠢᠯᠡᠵᠤ᠂ ᠬᠠᠤᠯᠢ ᠴᠠᠭᠠᠵᠠ ᠶᠢᠨ ᠲᠦᠭᠰᠢᠭᠦᠷᠢ ᠶᠢᠨ ᠴᠡᠭ ᠠᠴᠠ ᠵᠠᠶᠢᠯᠠᠭᠤᠯᠵᠤ ᠦᠭᠬᠦ ᠶᠢᠨ ᠲᠦᠯᠤᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠥᠪᠥᠷ ᠮᠣᠩᠭᠤᠯ ᠤᠨ ᠹᠧᠩ ᠶᠢᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠶᠢᠤ ᠢ ᠨᠠᠷᠢᠯᠢᠭ ᠨᠡᠭᠦᠷᠡᠰᠦ᠂ ᠴᠢ ᠵᠢᠶᠧ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠨ ︽ᠬᠠᠤᠯᠢᠴᠢ ᠶᠢᠨ ᠠᠵᠤ ᠠᠬᠤᠶᠢᠯᠠᠯ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠤᠶᠢᠯᠡᠴᠢᠯᠡᠭᠡᠨ ᠤ ᠠᠵᠢᠯᠯᠠᠭ᠎ᠠ︾ ᠥᠷᠨᠢᠭᠦᠯᠵᠦ᠂ ᠠᠵᠤ ᠠᠬᠤᠶᠢᠯᠠᠯ ᠢ ᠲᠤᠰᠠᠯᠠᠬᠤ  ᠤᠶᠢᠯᠡᠴᠢᠯᠡᠭᠡ ᠶᠢ ᠨᠠᠩ ᠳᠣᠲᠣᠨᠣ᠂ ᠪᠣᠰᠤᠭ᠎ᠠ ᠴᠣᠭᠴᠠᠲᠤ᠂ ᠪᠦᠲᠦᠮᠵᠢᠲᠡᠶ ᠪᠣᠯᠭᠠᠪᠠ᠃
44605.png  
    ᠠᠵᠢᠯᠯᠠᠭ᠎ᠠ ᠶᠢᠨ ᠠᠬᠤᠢ ᠲᠠᠯᠠᠪᠠᠢ ᠳᠤ᠂ ᠥᠪᠥᠷ ᠮᠣᠩᠭᠤᠯ ᠤᠨ ᠹᠧᠩ ᠶᠢᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠯᠢ ᠭᠤᠸᠠᠩ ᠯᠦ ᠬᠠᠤᠯᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠠᠮᠢᠶᠠᠷᠤᠯᠲᠠ ᠶᠢᠨ ᠠᠵᠢᠯᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠯ᠎ᠠ ᠪᠠᠷ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ ᠲᠥᠭᠡᠷᠢᠭᠳᠡᠯ ᠢ ᠨᠠᠷᠢᠨ ᠣᠶᠢᠯᠠᠭᠠᠵᠤ᠂ ︽ᠠᠵᠤ ᠠᠬᠤᠶᠢᠯᠠᠯ ᠤᠨ ᠡᠮᠴᠢ︾ ᠨᠢ ᠠᠵᠤ ᠠᠬᠤᠶᠢᠯᠠᠯ ᠳᠤ ︽ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ︾ ᠥᠷᠨᠢᠭᠦᠯᠵᠦ ᠥᠭᠴᠡᠢ᠃
44606.png    ᠦᠢᠯᠡᠳᠪᠦᠷᠢᠯᠡᠯ ᠡᠵᠡᠩᠨᠡᠯᠲᠡ ᠶᠢᠨ ᠲᠠᠯ᠎ᠠ ᠪᠠᠷ᠂ ᠯᠢ ᠭᠤᠸᠠᠩ ᠯᠦ ᠬᠠᠤᠯᠢᠴᠢ ᠠᠵᠤ ᠠᠬᠤᠶᠢᠯᠠᠯ ᠤᠨ ᠭᠡᠷ᠎ᠡ ᠶᠢᠨ
ᠬᠠᠮᠢᠶᠠᠷᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ ᠭᠡᠷ᠎ᠡ ᠲᠣᠭᠲᠠᠬᠤ᠂ ᠭᠦᠢᠴᠡᠳᠬᠡᠬᠦ᠂ ᠬᠤᠪᠢᠷᠠᠭᠤᠯᠬᠤ ᠪᠠ‌‍ᠲ᠋ᠠᠭᠤᠰᠬᠠᠬᠤ ᠵᠡᠷᠭᠡ ᠭᠤᠭᠴᠤᠭ᠎ᠠ ᠶᠢ ᠪᠠᠭᠲᠠᠭᠠᠵᠤ᠂ ᠭᠡᠷ᠎ᠡ ᠳᠤ ᠣᠷᠣᠰᠢᠵᠤ ᠮᠡᠳᠡᠬᠦ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢᠨ ᠴᠡᠭ ᠲᠤ ᠴᠢᠭᠯᠡᠭᠦᠯᠦᠨ ᠨᠠᠷᠢᠨ ᠨᠢᠮᠪᠠᠢ ᠡᠮᠬᠢᠯᠡᠵᠦ ᠭᠦᠨᠵᠡᠭᠡᠢ ᠲᠠᠶᠢᠯᠪᠤᠷᠢᠯᠠᠭᠰᠠᠨ ᠪᠥᠭᠡᠳ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠠᠵᠤ ᠠᠬᠤᠶᠢᠯᠠᠯ ᠳᠤ ᠬᠦᠴᠦᠨ ᠨᠡᠮᠡᠷᠢᠯᠡᠵᠦ᠂ ᠳᠠᠯᠳᠠ ᠬᠠᠤᠯᠢ ᠴᠠᠭᠠᠵᠠ ᠶᠢᠨ ᠵᠢᠭᠤᠷᠠᠯᠳᠤᠭᠠᠨ ᠢ ᠰᠡᠷᠭᠡᠶᠢᠯᠡᠪᠡ᠃ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠲᠠᠯ᠎ᠠ ᠪᠠᠷ᠂ ᠠᠵᠤ ᠠᠬᠤᠶᠢᠯᠠᠯ ᠤᠨ ᠳᠣᠲᠣᠭᠠᠳᠤ ᠶᠢᠨ ᠬᠥᠳᠡᠯᠮᠦᠷᠢ ᠶᠢᠨ ᠲᠦᠷᠢᠮ ᠲᠣᠭᠲᠠᠭᠠᠯ ᠢ ᠲᠣᠭᠲᠠᠭᠠᠭᠰᠠᠨ ᠪᠠ ᠬᠡᠷᠡᠭᠵᠢᠭᠦᠯᠦᠭᠰᠡᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠳᠠᠮᠵᠢᠭᠤᠯᠤᠨ᠂ ᠬᠥᠳᠡᠯᠮᠦᠷᠢ ᠶᠢᠨ ᠭᠡᠷ᠎ᠡ ᠲᠣᠭᠲᠠᠬᠤ ᠪᠠ ᠬᠦᠴᠦᠨ ᠥᠬᠡᠶ ᠪᠣᠯᠭᠠᠬᠤ᠂ ᠴᠠᠯᠢᠩ ᠠᠰᠠᠷᠠᠮᠵᠢ ᠶᠢᠨ ᠣᠯᠭᠤᠮᠵᠢ᠂ ᠬᠥᠳᠡᠯᠮᠦᠷᠢ ᠶᠢᠨ ᠬᠠᠮᠠᠭᠠᠯᠠᠯᠲᠠ ᠵᠢᠴᠢ ᠨᠡᠶᠢᠭᠡᠮ ᠤᠨ ᠳᠠᠭᠠᠳᠬᠠᠯ ᠵᠡᠷᠭᠡ ᠲᠠᠯ᠎ᠠ ᠪᠠᠷ ᠪᠥᠬᠦ ᠲᠠᠯ᠎ᠠ ᠶᠢᠨ ᠬᠢᠨᠠᠨ ᠪᠠᠶᠢᠴᠠᠭᠠᠯᠲᠠ ᠬᠢᠪᠠ᠃ ᠯᠢ ᠭᠤᠸᠠᠩ ᠯᠦ ᠬᠠᠤᠯᠢᠴᠢ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠰᠠᠨᠠᠯ ᠥᠭᠭᠦᠭᠰᠡᠨ ᠪᠥᠭᠡᠳ ᠠᠵᠤ ᠠᠬᠤᠶᠢᠯᠠᠯ ᠤᠨ ᠠᠵᠢᠯᠲᠠᠳ ᠲᠤ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠲᠡᠳᠡᠨ ᠤ ᠬᠠᠤᠯᠢ ᠴᠠᠭᠠᠵᠠ ᠶᠢᠨ ᠤᠬᠠᠮᠰᠠᠷ ᠢ ᠨᠡᠮᠡᠭᠳᠡᠭᠦᠯᠵᠡᠶ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠪᠠᠶᠢᠳᠠᠯ ᠢ ᠦᠨᠡᠯᠡᠨ ᠵᠢᠱᠢᠬᠦ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠬᠡᠷᠡᠭᠯᠡᠬᠦ ᠶᠢ ᠴᠢᠬᠤᠯᠠᠴᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠷᠬᠡ ᠳᠤ ᠬᠠᠯᠳᠠᠭᠰᠠᠨ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠪᠠ᠃
44607.png  
    ᠲᠣᠰ ᠤᠳᠠᠭᠠᠨ ᠤ ︽ᠬᠠᠤᠯᠢᠴᠢ ᠠᠵᠤ ᠠᠬᠤᠶᠢᠯᠠᠯ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ︾ ᠶᠢ ᠥᠷᠨᠢᠭᠦᠯᠦᠭᠰᠡᠨ ᠨᠢ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠪᠠ ᠵᠢᠷᠤᠮᠵᠢᠭᠰᠠᠨ ᠡᠵᠡᠩᠨᠡᠯᠲᠡ ᠳᠤ ᠪᠠᠲᠤ ᠪᠠᠬᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠯᠭᠠᠮᠵᠢ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠡᠷᠡᠭᠴᠡᠭᠡ ᠶᠢ ᠣᠨᠣᠪᠴᠢᠲᠠᠶ ᠡᠵᠡᠮᠰᠢᠬᠦ ᠳᠤ ᠨᠠᠩ ᠬᠠᠨᠳᠤᠯᠭᠠᠲᠤ ᠴᠢᠨᠠᠷᠲᠠᠶ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡ ᠬᠠᠩᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃   ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡᠨ ᠤ ᠠᠭᠤᠯᠭ᠎ᠠ ᠪᠠᠨ ᠲᠠᠰᠤᠷᠠᠯᠲᠠ ᠦᠭᠡᠢ ᠰᠢᠨᠡᠴᠢᠯᠡᠵᠦ᠂ ︽ᠠᠵᠤ ᠠᠬᠤᠶᠢᠯᠠᠯ ᠢ ᠲᠤᠰᠠᠯᠠᠬᠤ + ᠨᠡᠶᠢᠲᠡ ᠶᠢᠨ ᠠᠰᠠᠷᠠᠮᠵᠢ︾ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠰᠢᠯᠢᠳᠡᠭᠵᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠤ ᠠᠬᠤᠶᠢᠯᠠᠯ ᠤᠨ ᠣᠨᠴᠠᠯᠢᠭ ᠪᠣᠯᠤᠨ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠵᠥᠷᠢᠴᠡᠯ ᠳᠤ ᠭᠤᠣᠯᠳᠠᠯᠭ᠎ᠠ ᠲᠠᠢ ᠴᠢᠭᠯᠡᠭᠦᠯᠦᠨ ︽ᠵᠠᠬᠢᠶᠠᠯᠠᠭ᠎ᠠ ᠶᠢᠨ ᠬᠡᠯᠪᠡᠷᠢ︾ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠰᠤᠷᠪᠤᠯᠵᠢᠯᠠᠬᠤ ᠠᠵᠢᠯᠯᠠᠭ᠎ᠠ ᠶᠢ ᠥᠷᠨᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠶᠢᠯᠠᠯ ᠤᠨ ᠲᠣᠭᠲᠠᠭᠤᠨ ᠬᠥᠭᠵᠢᠯᠲᠡ ᠶᠢ ᠪᠠᠲᠤᠯᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号