ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/15
    ᠡᠨᠡ ᠵᠢᠯ ᠤᠨ 5 ᠰᠠᠷ᠎ᠠ ᠶᠢᠨ 12 ᠤᠨ ᠡᠳᠦᠷ ᠪᠣᠯ 17 ᠳ᠋ᠤᠭᠠᠷ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ — ᠳᠡᠷᠭᠡᠳᠡᠬᠢ ᠭᠠᠮᠰᠢᠭ ᠤᠨ ᠳᠠᠯᠳᠠ ᠬᠡᠮ ᠢ ᠪᠠᠶᠢᠴᠠᠭᠠᠬᠤ︾ ᠪᠠᠷ ᠭᠤᠤᠯ ᠰᠡᠳᠦᠪ ᠪᠤᠯᠭᠠᠪᠠ᠃ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠤᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ᠠᠵᠢᠯᠲᠠᠳ ᠢ ᠵᠣᠬᠢᠶᠠᠨ ᠪᠠᠶᠢᠭᠤᠯᠤᠨ ᠴᠡᠴᠡᠷᠯᠢᠭ᠂ ᠨᠡᠶᠢᠭᠡᠮ ᠲᠣᠭᠤᠷᠢᠭ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠬᠦᠷᠴᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
44613.png   
    ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ ᠤᠯᠠᠨ ᠵᠦᠢᠯ ᠤᠨ ᠬᠡᠯᠪᠡᠷᠢ ᠪᠠᠷ ᠣᠯᠠᠨ ᠲᠦᠮᠡᠨ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠵᠡᠶ᠃ ᠲᠡᠳᠡ ᠴᠡᠴᠡᠷᠯᠢᠭ ᠪᠣᠯᠤᠨ ᠨᠡᠶᠢᠭᠡᠮ ᠲᠣᠭᠤᠷᠢᠭ ᠤᠨ ᠢᠯᠡ ᠭᠠᠵᠠᠷ ᠲᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠲᠠᠯ᠎ᠠ ᠪᠠᠷ ᠣᠯᠠᠨ ᠲᠦᠮᠡᠨ ᠤ ᠠᠩᠬᠠᠷᠤᠯ ᠢ ᠲᠠᠲᠠᠵᠠᠶ᠃ ᠠᠵᠢᠯᠲᠠᠳ ᠠᠯᠬᠤᠮ ᠳᠠᠷᠠᠭ᠎ᠠ ᠪᠠ ᠭᠤᠣᠯᠳᠠᠯᠭ᠎ᠠ ᠨᠢᠭᠡᠪᠦᠷᠢ ᠶᠢ ᠬᠦᠯᠢᠴᠡᠩᠭᠦᠢ ᠪᠠᠷ ᠲᠠᠶᠢᠯᠪᠤᠷᠢᠯᠠᠬᠤ ᠶᠢᠨ ᠬᠠᠮᠲᠤ ᠤᠯᠠᠨ ᠲᠦᠮᠡᠨ ᠢ ᠤᠷᠢᠵᠤ ᠪᠡᠶ᠎ᠡ ᠪᠠᠷ ᠢᠶᠠᠨ ᠦᠢᠯᠡᠳᠦᠯᠭᠡᠵᠢᠭᠦᠯᠵᠦ᠂ ᠭᠠᠷ ᠢᠶᠠᠷ ᠵᠢᠯᠣᠭᠤᠳᠤᠭᠤᠯᠵᠤ᠂ ᠤᠯᠠᠨ ᠤ ᠠᠮᠤᠷ ᠲᠦᠪᠰᠢᠨ ᠢᠶᠠᠷ ᠬᠡᠢ ᠬᠡᠷᠡᠭᠯᠡᠬᠦ ᠬᠠᠮᠢᠶ᠎ᠠ ᠪᠦᠬᠦᠢ ᠮᠡᠳᠡᠯᠭᠡ ᠶᠢ ᠦᠨᠡᠨᠬᠦ ᠡᠵᠡᠮᠰᠢᠬᠦ ᠶᠢ ᠪᠠᠲᠤᠯᠠᠪᠠ᠃
44618.png 
    ᠮᠡᠳᠡᠯᠭᠡ ᠶᠢ ᠲᠦᠭᠡᠮᠡᠯᠵᠢᠭᠦᠯᠬᠦ ᠪᠠ ᠤᠷ᠎ᠠ ᠴᠢᠳᠠᠪᠤᠷᠢ ᠶᠢ ᠦᠵᠡᠭᠦᠯᠬᠦ ᠠᠴᠠ ᠭᠠᠳᠠᠨ᠎ᠠ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠰᠠ ᠠᠵᠢᠯᠯᠠᠭ᠎ᠠ ᠳᠤᠮᠳᠠ ᠪᠠᠨ ᠣᠯᠠᠨ ᠲᠦᠮᠡᠨ ᠲᠠᠢ ᠢᠳᠡᠪᠬᠢᠲᠡᠶ ᠬᠥᠳᠡᠯᠦᠯᠴᠡᠵᠦ᠂ ᠣᠯᠠᠨ ᠤ ᠡᠳᠦᠷ ᠲᠤᠲᠤᠮ ᠤᠨ ᠠᠮᠢᠳᠤᠷᠠᠯ ᠳᠤᠮᠳᠠ ᠢᠯᠡᠷᠡᠭᠦᠯᠦᠭᠰᠡᠨ ᠭᠠᠮᠰᠢᠭ ᠤᠨ ᠳᠠᠯᠳᠠ ᠬᠡᠮ ᠤᠨ ᠰᠦᠪᠡᠭᠴᠢ ᠶᠢ ᠰᠣᠨᠣᠰᠪᠠ᠃ ᠠᠵᠢᠯᠲᠠᠳ ᠰᠦᠪᠡᠭᠴᠢ ᠨᠢᠭᠡᠪᠦᠷᠢ ᠶᠢ ᠨᠠᠷᠢᠨ ᠬᠢᠨᠠᠮᠠᠭᠠᠶ ᠲᠡᠮᠳᠡᠭᠯᠡᠬᠦ ᠶᠢᠨ ᠬᠠᠮᠲᠤ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠪᠠ ᠰᠢᠢᠳᠪᠦᠷᠢᠯᠡᠵᠦ᠂ ᠭᠠᠮᠰᠢᠭ ᠤᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨ ᠬᠦ ᠪᠣᠭᠤᠮᠢᠯᠠᠭᠤᠯᠬᠤ ᠪᠠᠷ ᠠᠮᠠᠯᠳᠠᠪᠠ᠃ ᠡᠭᠦᠨ ᠤ ᠬᠠᠮᠲᠤ᠂ ᠠᠵᠢᠯᠲᠠᠳ ᠪᠠᠰᠠ ᠣᠯᠠᠨ ᠲᠦᠮᠡᠨ ᠤ ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠪᠠ᠃
44619.png  
    ᠲᠣᠰ ᠤᠳᠠᠭᠠᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠣᠯᠠᠨ ᠲᠦᠮᠡᠨ ᠤ ᠬᠤᠭᠤᠷᠣᠨᠳᠣᠬᠢ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠤᠪᠴᠢᠶ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠡᠶᠢᠮᠦᠷᠬᠦ ᠠᠵᠢᠯᠯᠠᠭ᠎ᠠ ᠶᠢ ᠥᠷᠨᠢᠭᠦᠯᠵᠦ᠂ ᠨᠡᠩ ᠤᠯᠠᠨ ᠬᠥᠮᠦᠨ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠣᠶᠢᠯᠠᠭᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠤᠷ᠎ᠠ ᠴᠢᠳᠠᠪᠤᠷᠢ ᠶᠢ ᠡᠵᠡᠮᠰᠢᠭᠦᠯᠵᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠶᠢ ᠦᠨᠡᠨ ᠬᠦ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号