ᠤᠶᠢᠷ᠎ᠠ ᠶᠢᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠢᠨᠬᠤᠸᠠ ᠵᠡᠭᠡᠯᠢ ᠭᠤᠳᠤᠮᠵᠢ ᠶᠢᠨ ᠰᠢᠨ ᠨᠠᠨ | ᠨᠡᠶᠢᠭᠡᠮ ᠲᠣᠭᠤᠷᠢᠭ ᠤᠨ ᠲᠡᠮᠦᠷ ᠵᠠᠮ ᠤᠨ ᠭᠤᠯᠳᠤᠩ ᠤᠨ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠵᠢᠩᠬᠢᠨᠢ ᠪᠠᠷ | ᠡᠬᠢᠯᠡᠨ ᠬᠡᠷᠡᠭᠯᠡᠵᠦ᠂ ᠨᠢᠭᠡᠨ ᠴᠤ᠋ ᠰᠢᠨ᠎ᠡ ︽ᠰᠡᠳᠬᠢᠯ ᠢ ᠳᠤᠯᠠᠭᠠᠴᠠᠭᠤᠯᠬᠤ ᠳ᠋ᠧᠩ︾ ᠨᠢ ᠤᠤᠯ ᠤᠨ ᠬᠠᠷᠠᠩᠭᠤᠢ | ᠵᠠᠮ ᠢ ᠭᠡᠷᠡᠯᠲᠦᠭᠦᠯᠵᠦ᠂ ᠡᠷᠬᠢᠨ ᠲᠣᠭᠤᠷᠢᠨ ᠤ ᠰᠠᠭᠤᠭᠠᠯᠢ ᠠᠷᠠᠳ ᠪᠣᠯᠤᠨ ᠰᠤᠷᠭᠠᠭᠤᠯᠢ ᠳᠤ ᠢᠷᠡᠵᠦ ᠪᠤᠴᠠᠬᠤ | ᠰᠤᠷᠤᠭᠴᠢᠳ ᠲᠤ ᠠᠮᠤᠷ ᠲᠦᠪᠰᠢᠨ ᠳᠥᠭᠦᠮ ᠦᠵᠡᠭᠦᠯᠬᠦ ᠣᠷᠴᠢᠨ ᠲᠣᠭᠤᠷᠢᠨ ᠢ ᠬᠠᠩᠭᠠᠵᠤ᠂ ᠣᠯᠠᠨ ᠲᠦᠮᠡᠨ ᠤ | ᠮᠠᠭᠲᠠᠭᠠᠯ ᠰᠠᠶᠢᠰᠢᠶᠠᠯ ᠢ ᠤᠯᠪᠠ᠃ | | ᠲᠣᠰ ᠲᠡᠮᠦᠷ ᠵᠠᠮ ᠤᠨ ᠭᠤᠯᠳᠤᠩ ᠪᠣᠯ ᠮᠢᠩ ᠳ᠋ᠧ ᠵᠢᠶᠠ ᠶᠤᠸᠠᠨ ᠲᠣᠭᠤᠷᠢᠭ ᠬᠢᠭᠡᠳ ᠬᠠᠶᠢᠯᠠᠷ ᠵᠠᠮ ᠢ | ᠬᠤᠯᠪᠣᠬᠤ ᠴᠢᠬᠤᠯᠠ ᠵᠠᠮ ᠮᠥᠨ᠂ ᠣᠶᠢᠷ᠎ᠠ ᠬᠠᠪᠢ ᠶᠢᠨ ᠬᠡᠤᠬᠡᠳ ᠤᠨ ᠰᠤᠷᠭᠠᠭᠤᠯᠢ ᠳᠤ ᠣᠷᠣᠬᠤ᠂ ᠰᠠᠭᠤᠭᠠᠯᠢ | ᠠᠷᠠᠳ ᠤᠨ ᠶᠠᠪᠤᠵᠤ ᠰᠠᠭᠤᠬᠤ ᠳᠤ ᠵᠠᠪᠠᠯ ᠥᠩᠭᠡᠷᠡᠬᠦ ᠵᠠᠮ ᠮᠥᠨ᠂ ᠭᠡᠪᠡᠴᠦ ᠭᠡᠷᠡᠯᠲᠦᠭᠦᠯᠭᠡ ᠳᠤᠲᠠᠮᠠᠭ ᠪᠣᠯᠬᠤᠷ | ᠰᠥᠨᠢ ᠪᠠᠷ ᠨᠡᠪᠲᠡᠷᠡᠬᠦ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ ᠨᠡᠶᠢᠭᠡᠮ ᠲᠣᠭᠤᠷᠢᠭ ᠤᠨ | ᠰᠦᠯᠵᠢᠶᠡᠨ ᠤ ᠠᠵᠢᠯᠲᠠᠨ ᠰᠤᠷᠪᠤᠯᠵᠢᠯᠠᠬᠤ ᠳᠤᠮᠳᠠ ᠪᠠᠨ ᠡᠨᠡ ᠬᠦ ᠬᠦᠰᠡᠯ ᠱᠠᠭᠠᠷᠳᠠᠯᠭ᠎ᠠ ᠶᠢ ᠣᠶᠢᠯᠠᠭᠠᠭᠰᠠᠨ ᠤ | ᠳᠠᠷᠠᠭ᠎ᠠ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠢᠳᠡᠪᠬᠢᠲᠡᠶ ᠪᠠᠷ ᠳᠠᠭᠠᠵᠤ᠂ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠲᠡᠷᠡ ᠳᠠᠷᠤᠶ ᠳᠤᠨᠢ ᠵᠡᠭᠡᠯᠢ ᠭᠤᠳᠤᠮᠵᠢ ᠳᠤ ᠮᠡᠳᠡᠭᠦᠯᠪᠡ᠃ | | ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠲᠡᠷᠡ ᠳᠠᠷᠤᠢ ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠲᠤᠬᠠᠢ ᠶᠢᠨ | ᠲᠠᠯᠠᠪᠠᠢ ᠳᠤ ᠬᠦᠷᠴᠦ᠂ ᠲᠣᠣᠷᠵᠢᠭᠤᠯᠤᠭᠴᠢ᠂ ᠰᠠᠭᠤᠭᠠᠯᠢ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ | ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠵᠤ᠂ ᠨᠠᠷᠢᠨ ᠲᠣᠳᠣᠷᠬᠠᠢ ᠭᠡᠷᠡᠯᠲᠦᠭᠦᠯᠭᠡ ᠶᠢᠨ ᠲᠥᠬᠦᠭᠡᠷᠦᠮᠵᠢ ᠶᠢ | ᠤᠭᠰᠠᠷᠠᠬᠤ ᠲᠥᠰᠦᠯ ᠢ ᠦᠳᠲᠡᠷ ᠲᠦᠷᠭᠡᠨ ᠲᠤᠭᠲᠠᠭᠠᠪᠠ᠃ ᠪᠠᠴᠢᠮ ᠶᠠᠭᠠᠷᠠᠯᠲᠠᠶᠠᠵᠢᠯᠯᠠᠬᠤ ᠪᠠᠷ ᠳᠡᠮᠵᠢᠨ᠂ ᠪᠣᠶ | ᠪᠥᠬᠦᠶ ᠨᠡᠷᠡᠨ ᠤ ᠡᠨᠧᠷᠭᠢ ᠶᠢᠨ ᠭᠡᠷᠡᠯᠲᠦᠭᠦᠯᠬᠦ ᠳ᠋ᠧᠩ ᠢ ᠨᠢᠭᠡᠨᠲᠡ ᠪᠦᠬᠦᠨ ᠢ ᠤᠭᠰᠠᠷᠠᠵᠤ ᠲᠤᠷᠰᠢᠨ | ᠳᠠᠭᠤᠰᠬᠠᠭᠰᠠᠨ ᠤ ᠬᠠᠮᠲᠤ ᠠᠰᠢᠭᠯᠠᠯᠲᠠ ᠳᠤ ᠤᠷᠤᠭᠤᠯᠵᠤ᠂ ᠰᠠᠭᠤᠭᠠᠯᠢ ᠠᠷᠠᠳ ᠤᠨ ᠰᠥᠨᠢ ᠪᠠᠷ ᠭᠠᠳᠠᠭᠰᠢ | ᠭᠠᠷᠬᠤ ᠬᠦᠴᠢᠷ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ ︽ᠥᠩᠭᠡᠷᠡᠭᠰᠡᠨ ᠳᠤ ᠣᠷᠣᠢ ᠭᠠᠳᠠᠭᠰᠢ | ᠭᠠᠷᠬᠤ ᠳᠤ ᠪᠠᠨ ᠬᠡᠵᠢᠶᠡᠳᠡ ᠬᠢᠴᠢᠶᠡᠮᠵᠢ ᠰᠡᠷᠡᠮᠵᠢ ᠠᠪᠴᠤ᠂ ᠵᠠᠮ ᠢ ᠲᠣᠳᠣᠷᠬᠠᠢ ᠣᠯᠵᠤ ᠦᠵᠡᠬᠦ ᠦᠭᠡᠢ ᠪᠠᠶᠢᠭᠠᠳ | ᠣᠶᠢᠴᠢᠬᠤ ᠠᠴᠠ ᠠᠶᠤᠵᠤ᠂ ᠤᠳᠤ ᠭᠡᠷᠡᠯᠲᠦᠭᠦᠯᠬᠦ ᠳ᠋ᠧᠩ ᠲᠠᠢ ᠪᠣᠯᠵᠤ᠂ ᠰᠡᠳᠬᠢᠯ ᠲᠠᠯᠪᠢᠭᠤ ᠪᠣᠯᠵᠠᠢ︾ ᠭᠡᠵᠦ | ᠰᠠᠭᠤᠭᠠᠯᠢ ᠠᠷᠠᠳ ᠪᠠᠢ ᠠᠨᠢᠶ᠎ᠠ ᠪᠠᠶᠠᠷᠲᠠᠢ ᠪᠠᠷ ᠬᠡᠯᠡᠪᠡ᠃ | ᠲᠣᠰ ᠤᠳᠠᠭᠠᠨ ᠤ ᠲᠡᠮᠦᠷ ᠵᠠᠮ ᠤᠨ ᠭᠤᠯᠳᠤᠩ ᠤᠨ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠤᠭᠰᠠᠷᠠᠭᠰᠠᠨ ᠨᠢ | ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ︽ᠠᠷᠠᠳ ᠤᠨ ᠲᠥᠯᠥᠭᠡ ᠪᠣᠳᠠᠲᠠᠶ ᠠᠵᠢᠯ ᠬᠢᠬᠦ︾ ᠴᠢᠬᠤᠯᠠ | ᠠᠷᠭ᠎ᠠ ᠬᠡᠮᠵᠢᠶ᠎ᠡ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠷᠭᠦᠯᠵᠢᠯᠡᠨ ᠤᠯᠠᠨ ᠲᠦᠮᠡᠨ ᠤ ︽ | ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠠᠰᠠᠭᠤᠳᠠᠯ ᠤᠨ ᠨᠠᠷᠢᠨ ᠲᠠᠩᠰᠠ︾ ᠶᠢ ︽ᠦᠷ᠎ᠡ ᠪᠦᠲᠦᠮᠵᠢ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ | ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ᠃ | |