ᠬᠠᠶᠢᠷᠤᠪ ᠤᠨ ᠲᠣᠬᠤᠢ ᠶᠢᠨ ᠢᠳᠡᠰᠢᠨ ᠨᠣᠭᠤᠭ᠎ᠠ ᠶᠢᠨ ᠵᠠᠬᠢᠶᠠᠯᠠᠭ᠎ᠠ ᠶᠢᠨ ᠲᠠᠷᠢᠶᠠᠯᠠᠩ ᠪᠠᠲᠤᠯᠠᠭ᠎ᠠ ᠲᠠᠢ ᠪᠣᠯᠪᠠ
ᠨᠡᠶᠢᠲᠡᠯᠡᠭᠰᠡᠨ ᠴᠠᠭ᠄
2025/5/19
    5 ᠰᠠᠷ᠎ᠠ ᠶᠢᠨ 15 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠵᠦᠩ ᠾᠧ ᠶᠤᠸᠠᠨ ᠨᠡᠶᠢᠭᠡᠮ ᠲᠣᠭᠤᠷᠢᠭ ᠤᠨ ᠲᠠᠷᠢᠮᠠᠯ ᠤᠨ ᠡᠷᠦᠬᠡ ᠪᠣᠯᠤᠨ ᠥᠪᠥᠷ ᠮᠣᠩᠭᠤᠯ ᠤᠨ ᠵᠦᠩ ᠾᠧ ᠱᠧᠩ  ᠲᠠᠷᠢᠶᠠᠯᠠᠩ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠢᠳᠡᠰᠢᠨ ᠨᠣᠭᠤᠭ᠎ᠠ ᠶᠢᠨ ᠵᠠᠬᠢᠶᠠᠯᠠᠭ᠎ᠠ ᠶᠢᠨ ᠲᠠᠷᠢᠶᠠᠯᠠᠩ ᠤᠨ ᠬᠠᠮᠲᠤ ᠪᠠᠷ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃
640 (2).png  
    ᠬᠠᠶᠢᠷᠤᠪ ᠤᠨ ᠲᠤᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠵᠦᠩ ᠾᠧ ᠶᠤᠸᠠᠨ ᠨᠡᠶᠢᠭᠡᠮ ᠲᠣᠭᠤᠷᠢᠭ ᠤᠨ ᠠᠵᠢᠯᠲᠠᠳ ᠲᠠᠯᠠᠪᠠᠢ ᠳᠤ ᠬᠦᠷᠴᠦ ᠢᠳᠡᠰᠢᠨ ᠨᠣᠭᠤᠭ᠎ᠠ ᠲᠠᠷᠢᠬᠤ ᠡᠷᠦᠬᠡ ᠳᠤ ᠵᠠᠬᠢᠶᠠᠯᠠᠭ᠎ᠠ ᠶᠢᠨ ᠲᠠᠷᠢᠮᠠᠯ ᠤᠨ ᠵᠠᠭᠪᠤᠷ ᠵᠢᠴᠢ ᠡᠵᠡᠩᠨᠡᠯᠲᠡ ᠶᠢᠨ ᠲᠥᠯᠥᠪᠵᠢᠭᠦᠯᠭᠡ ᠶᠢ ᠨᠠᠷᠢᠨ ᠲᠠᠶᠢᠯᠪᠤᠷᠢᠯᠠᠵᠤ᠂ ᠬᠤᠳᠠᠯᠳᠤᠨ ᠠᠪᠬᠤ ᠦᠨ᠎ᠡ ᠬᠠᠩᠰᠢ᠂ ᠶᠠᠰᠤ ᠴᠢᠨᠠᠷ ᠤᠨ ᠪᠠᠷᠢᠮᠵᠢᠶ᠎ᠠ᠂ ᠢᠳᠡᠰᠢᠨ ᠨᠣᠭᠤᠭ᠎ᠠ ᠶᠢᠨ ᠲᠦᠷᠦᠯ ᠵᠦᠢᠯ ᠵᠡᠷᠭᠡ ᠶᠢᠨ ᠲᠤᠬᠠᠢ ᠭᠤᠣᠯᠳᠠᠯᠭ᠎ᠠ ᠲᠠᠢ ᠨᠠᠷᠢᠨ ᠲᠣᠳᠣᠷᠬᠠᠶᠢᠯᠠᠯᠲᠠ ᠬᠢᠵᠡᠢ᠃ ᠣᠶᠢᠯᠠᠭᠠᠭᠰᠠᠨ ᠢᠶᠠᠷ᠂ ᠵᠠᠬᠢᠶᠠᠯᠠᠭ᠎ᠠ ᠶᠢᠨ ᠲᠠᠷᠢᠮᠠᠯ ᠤᠨ ᠵᠠᠭᠪᠤᠷ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠬᠢᠭᠡᠳ ᠲᠠᠷᠢᠮᠠᠯ ᠤᠨ ᠡᠷᠦᠬᠡ ᠨᠢᠭᠲᠠ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠦᠷᠢᠯᠳᠦᠭᠦᠯᠵᠦ᠂ ᠲᠠᠷᠢᠮᠠᠯ ᠤᠨ ᠡᠷᠦᠬᠡ ᠶᠢᠨ ᠪᠣᠷᠣᠯᠠᠭᠤᠯᠭ᠎ᠠ ᠶᠢᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠵᠦ ᠴᠢᠳᠠᠬᠤ ᠮᠥᠷᠲᠡᠭᠡᠨ ᠬᠤᠲᠠ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠣ ᠰᠢᠨ᠎ᠡ ᠰᠣᠷᠭᠤᠭ᠂ ᠠᠮᠤᠷ ᠲᠦᠪᠰᠢᠨ ᠪᠥᠭᠡᠳ ᠦᠨ᠎ᠡ ᠬᠠᠩᠰᠢ ᠨᠢ ᠲᠣᠭᠲᠠᠭᠤᠨ ᠢᠳᠡᠰᠢᠨ ᠨᠣᠭᠤᠭ᠎ᠠ ᠬᠠᠩᠭᠠᠵᠤ ᠴᠢᠳᠠᠬᠤ ᠮᠥᠷᠲᠡᠭᠡᠨ ᠨᠡᠶᠢᠭᠡᠮ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠣᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠳᠤ ᠨᠡᠶᠢᠲᠡ 10 ᠭᠠᠷᠤᠶ ᠲᠠᠷᠢᠮᠠᠯ ᠤᠨ ᠡᠷᠦᠬᠡ ᠲᠤᠬᠠᠶ ᠶᠢᠨ ᠲᠠᠯᠠᠪᠤᠷ ᠲᠤᠨᠢ ᠭᠠᠷ ᠤᠨ ᠥᠰᠥᠭ ᠵᠢᠷᠤᠵᠤ᠂ ᠪᠤᠰᠤᠳ ᠲᠠᠷᠢᠮᠠᠯ ᠤᠨ ᠡᠷᠦᠬᠡ ᠴᠦ ᠵᠠᠯᠭᠠᠭ᠎ᠠ ᠪᠠᠷ ᠠᠰᠠᠭᠤᠨ ᠯᠠᠪᠯᠠᠵᠤ ᠪᠠᠶᠢᠨ᠎ᠠ᠂ ᠡᠶᠢᠮᠦᠷᠬᠦ ᠰᠢᠨ᠎ᠡ ᠵᠠᠭᠪᠤᠷ ᠢ ᠲᠤᠷᠰᠢᠨ ᠲᠤᠷᠰᠢᠬᠤ ᠳᠤᠷᠠᠲᠠᠶ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠦ ᠪᠠᠶᠢᠨ᠎ᠠ᠃  ᠬᠠᠮᠢᠶ᠎ᠠ ᠪᠦᠬᠦᠢ ᠬᠠᠷᠢᠭᠤᠴᠠᠯᠭᠠᠲᠠᠨ ᠨᠡᠶᠢᠭᠡᠮ ᠲᠣᠭᠤᠷᠢᠭ ᠪᠣᠯᠤᠨ ᠲᠠᠷᠢᠮᠠᠯ ᠤᠨ ᠡᠷᠦᠬᠡ ᠶᠢᠨ ᠪᠠᠶᠢᠩᠭᠤ ᠶᠢᠨ ᠴᠢᠨᠠᠷᠲᠠᠢ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠬᠠᠮᠲᠤᠷᠠᠯᠴᠠᠭᠠᠨ ᠤ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ︔ ᠡᠭᠦᠨ ᠤ ᠬᠠᠮᠲᠤ ᠪᠠᠰᠠ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠲᠠᠷᠢᠮᠠᠯ ᠤᠨ ᠡᠷᠦᠬᠡ ᠶᠢᠨ ᠲᠠᠷᠢᠮᠠᠯ ᠤᠨ ᠲᠦᠪᠰᠢᠨ ᠢ ᠳᠡᠭᠡᠭᠰᠢᠯᠡᠭᠦᠯᠵᠦ᠂ ᠢᠳᠡᠰᠢᠨ ᠨᠣᠭᠤᠭ᠎ᠠ ᠶᠢᠨ ᠤᠨᠠᠯᠲᠠ ᠪᠣᠯᠤᠨ ᠶᠠᠰᠤ ᠴᠢᠨᠠᠷ ᠢ ᠪᠠᠲᠤᠯᠠᠨ᠎ᠠ᠃
640 (3).png  
    ᠲᠣᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠢ ᠠᠮᠵᠢᠯᠲᠠ ᠲᠠᠢ ᠶᠠᠪᠤᠭᠳᠠᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠢᠳᠡᠰᠢᠨ ᠨᠣᠭᠤᠭ᠎ᠠ ᠲᠠᠷᠢᠬᠤ ᠡᠷᠦᠬᠡ᠂ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ ᠢᠳᠡᠰᠢᠨ ᠨᠣᠭᠤᠭ᠎ᠠ ᠰᠢᠭᠤᠳ ᠪᠣᠷᠣᠯᠠᠭᠤᠯᠬᠤ ᠳᠡᠯᠭᠡᠭᠦᠷ ᠢ ᠬᠤᠯᠪᠣᠭᠰᠠᠨ ᠭᠦᠨᠵᠡᠭᠡᠢ ᠬᠠᠮᠲᠤᠷᠠᠯᠴᠠᠭᠠᠨ ᠤ ᠬᠥᠭᠦᠷᠭᠡ ᠶᠢ ᠠᠮᠵᠢᠯᠲᠠ ᠲᠠᠢ ᠪᠠᠶᠢᠭᠤᠯᠤᠭᠰᠠᠨ ᠢ ᠬᠠᠷᠠᠭᠤᠯᠵᠤ ᠪᠠᠶᠢᠨ᠎ᠠ᠃ ᠵᠠᠬᠢᠶᠠᠯᠠᠭ᠎ᠠ ᠪᠠᠷ ᠲᠠᠷᠢᠬᠤ ᠡᠨᠡ ᠬᠦ ᠰᠢᠨ᠎ᠡ ᠶᠢ ᠡᠭᠦᠳᠬᠦ ᠵᠠᠭᠪᠤᠷ ᠲᠤ ᠲᠦᠰᠢᠭᠯᠡᠨ᠂ ᠢᠳᠡᠰᠢᠨ ᠨᠣᠭᠤᠭ᠎ᠠ ᠶᠢᠨ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠲᠠᠷᠢᠮᠠᠯ ᠤᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠪᠠᠷᠢᠮᠵᠢᠶᠠᠵᠢᠭᠰᠠᠨ ᠬᠥᠭᠵᠢᠯᠲᠡ ᠶᠢ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠰᠦᠪᠡᠭᠴᠢᠯᠡᠬᠦ ᠲᠠᠯ᠎ᠠ ᠪᠠᠷ ᠪᠠᠲᠤ ᠪᠠᠬᠢ ᠨᠢᠭᠡ ᠠᠯᠬᠤᠮ ᠢ ᠠᠯᠬᠤᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号