ᠬᠠᠶᠢᠷᠤᠪ ᠤᠨ ᠲᠤᠬᠤᠢ ᠲᠣᠭᠤᠷᠢᠭ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/5/19
    5 ᠰᠠᠷ᠎ᠠ ᠶᠢᠨ 13 ᠤ ᠡᠳᠦᠷ ᠠᠴᠠ 16 ᠤ ᠡᠳᠦᠷ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠲᠠᠢ ᠬᠠᠮᠲᠤᠷᠠᠨ ᠬᠦᠷᠢᠶᠡᠯᠡᠩ ᠲᠣᠭᠤᠷᠢᠭ ᠤᠨ ᠳᠣᠲᠣᠷᠠᠬᠢ 7 ᠬᠦᠨᠳᠦ ᠨᠣᠴᠢᠲᠠᠢ ᠠᠶᠤᠯ ᠤᠨ ᠡᠬᠢ ᠠᠵᠤ ᠠᠬᠤᠶᠢᠯᠠᠯ ᠳᠤ ᠪᠦᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠲᠤᠰᠬᠠᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ 14 ᠬᠦᠨᠳᠦ ᠶᠡᠭᠡ ᠠᠶᠤᠯ ᠤᠨ ᠡᠬᠢ ᠰᠤᠷᠪᠤᠯᠵᠢ ᠳᠤ ᠠᠩᠬᠠᠷᠤᠯ ᠢᠶᠠᠨ ᠲᠥᠪᠯᠡᠷᠡᠭᠦᠯᠵᠦ᠂ 2 ᠨᠢᠭᠡᠳᠦᠭᠡᠷ ᠳᠡᠰ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ᠂ 10 ᠭᠤᠷᠪᠠᠨ ᠱᠠᠲᠤᠨ ᠤ ᠬᠦᠨᠳᠦ ᠶᠡᠭᠡ ᠠᠶᠤᠯ ᠤᠨ ᠡᠬᠢ ᠰᠤᠷᠪᠤᠯᠵᠢ ᠲᠠᠢ 2 ᠳᠥᠷᠪᠡᠨ ᠱᠠᠲᠤᠨ ᠤ ᠬᠦᠨᠳᠦ ᠶᠡᠭᠡ ᠠᠶᠤᠯ ᠤᠨ ᠡᠬᠢ ᠡᠭᠦᠰᠦᠯ ᠢ ᠬᠠᠮᠤᠷᠴᠤ᠂ ᠨᠠᠷᠢᠯᠢᠭ ᠣᠨᠣᠴᠠᠲᠠᠶ ᠪᠠᠷ ᠵᠠᠰᠠᠬᠤ ᠪᠠ ᠥᠩᠭᠡᠨ ᠲᠠᠯ᠎ᠠ‌‍ᠪᠠ‌ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠪᠠᠷ ᠳᠠᠮᠵᠢᠭᠤᠯᠤᠨ᠂ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠣᠷᠣᠨ ᠪᠦᠰᠡ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠎ᠠ᠃
640.png
       ᠵᠢᠭᠰᠠᠭᠠᠨ ᠪᠠᠶᠢᠴᠠᠭᠠᠬᠤ ᠳᠤᠭᠤᠶᠢᠯᠠᠩ ᠢ ᠬᠠᠶᠢᠷᠤᠪ ᠤᠨ ᠲᠣᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠬᠠᠮᠲᠤᠷᠠᠨ ᠪᠠᠶᠢᠭᠤᠯᠬᠤ ᠶᠢᠨ ᠬᠠᠮᠲᠤ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠣᠨᠴᠠ ᠤᠷᠢᠵᠤ ᠣᠷᠣᠯᠴᠠᠭᠤᠯᠵᠤ᠂ ᠲᠤᠰᠬᠠᠶ ᠮᠡᠷᠭᠡᠵᠢᠯ ᠤᠨ ᠬᠦᠴᠦᠨ ᠲᠡᠭᠦᠯᠳᠡᠷ ᠪᠠᠶᠢᠨ᠎ᠠ᠃ ᠠᠵᠢᠯᠯᠠᠭ᠎ᠠ ᠨᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠠᠵᠢᠯ ᠲᠥᠷᠥᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠭᠤᠤᠯᠳᠠᠭᠤ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ᠂ ᠲᠥᠬᠦᠭᠡᠷᠦᠮᠵᠢ ᠪᠡᠯᠡᠳᠬᠡᠮᠵᠢ ᠶᠢᠨ ᠠᠵᠢᠯᠯᠠᠭᠠᠨ᠂ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠵᠡᠷᠭᠡ ᠭᠤᠤᠯ ᠭᠤᠭᠴᠤᠭ᠎ᠠ ᠶᠢᠨ ᠲᠣᠭᠤᠷᠢᠨ ᠳᠤ ᠬᠡᠪᠢᠰ ᠮᠠᠶ᠋ᠢᠭ ᠤᠨ ᠵᠢᠭᠰᠠᠭᠠᠨ ᠪᠠᠶᠢᠴᠠᠭᠠᠯᠲᠠ ᠥᠷᠨᠢᠭᠦᠯᠪᠡ᠃ ᠲᠤᠰᠬᠠᠶ ᠮᠡᠷᠭᠡᠵᠢᠯᠲᠡᠳ ᠡᠯᠪᠡᠭ ᠪᠠᠶᠠᠯᠢᠭ ᠲᠤᠷᠰᠢᠯᠭ᠎ᠠ ᠳᠠᠭᠠᠨ ᠲᠦᠰᠢᠭᠯᠡᠨ᠂ ᠠᠵᠤ ᠠᠬᠤᠶᠢᠯᠠᠯ ᠤᠨ ᠬᠦᠨᠳᠦ ᠨᠣᠴᠢᠲᠠᠢ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠬᠤ᠂ ᠦᠨᠡᠯᠡᠨ ᠵᠢᠱᠢᠬᠦ᠂ ᠳᠠᠩᠰᠠᠯᠠᠭᠤᠯᠤᠭᠰᠠᠨ ᠪᠠᠶᠢᠳᠠᠯ ᠵᠢᠴᠢ ᠠᠮᠤᠷ ᠲᠦᠪᠰᠢᠨ ᠢ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠤᠨ ᠠᠵᠢᠯᠯᠠᠭᠠᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠮᠵᠢ ᠶᠢᠨ ᠲᠣᠬᠢᠷᠠᠭᠤᠯᠤᠯᠲᠠ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠵᠡᠷᠭᠡ ᠭᠤᠤᠯᠳᠠᠯᠭ᠎ᠠ ᠲᠠᠢ ᠠᠭᠤᠯᠭ᠎ᠠ ᠳᠤ ᠭᠦᠨᠵᠡᠭᠡᠶ ᠵᠠᠳᠠᠯᠤᠯᠲᠠ ᠬᠢᠵᠡᠶ᠃ ᠵᠢᠭᠰᠠᠭᠠᠨ ᠪᠠᠶᠢᠴᠠᠭᠠᠬᠤ ᠳᠤᠭᠤᠶᠢᠯᠠᠩ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠪᠠ ᠰᠠᠩ ᠬᠥᠮᠥᠷᠭᠡ ᠵᠡᠷᠭᠡ ᠵᠠᠩᠭᠢᠯᠠᠭ᠎ᠠ ᠶᠢᠨ ᠲᠠᠯᠠᠪᠤᠷ ᠲᠤ ᠭᠦᠨᠵᠡᠭᠡᠶᠢᠷᠡᠵᠦ᠂ ︽ᠲᠣᠮᠣᠷᠠᠭᠤᠯᠬᠤ ᠰᠢᠯ︾ ᠮᠠᠶ᠋ᠢᠭ ᠤᠨ ᠴᠢᠩᠭ᠎ᠠ ᠨᠢᠮᠪᠠᠶ ᠣᠪᠣᠷ ᠢᠶᠠᠷ ᠲᠣᠨᠤᠭ ᠲᠥᠬᠦᠭᠡᠷᠦᠮᠵᠢ ᠶᠢᠨ ᠳᠠᠯᠳᠠ ᠬᠡᠮ ᠰᠣᠭᠤᠭ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃
640 (1).png   
    ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠦᠷᠭᠦᠯᠵᠢᠯᠡᠨ ᠠᠵᠢᠯ ᠲᠦᠷᠦᠯ ᠤᠨ ᠲᠤᠰᠬᠠᠢ ᠮᠡᠷᠭᠡᠵᠢᠯᠲᠡᠨ ᠲᠠᠢ ᠬᠠᠮᠲᠤᠷᠠᠨ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠤᠳᠤᠯᠭ᠎ᠠ ᠬᠡᠷᠡᠭᠵᠢᠭᠦᠯᠬᠦ︾ ᠵᠠᠷᠴᠢᠮ ᠢ ᠪᠠᠷᠢᠮᠲᠠᠯᠠᠵᠤ᠂ ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠭᠡᠮ ᠰᠣᠭᠤᠭ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠳᠤ ᠣᠷᠬᠢᠭᠳᠠᠭᠤᠯᠬᠤ ᠦᠭᠡᠢ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ ᠡᠭᠦᠨ ᠤ ᠬᠠᠮᠲᠤ᠂ ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠯᠤᠭ᠎ᠠ ᠶᠢᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠬᠦ᠂ ᠬᠠᠮᠲᠤᠷᠠᠨ ᠬᠠᠤᠯᠢ ᠬᠡᠷᠡᠭᠵᠢᠭᠦᠯᠬᠦ︾ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠠᠶᠤᠯ ᠲᠠᠢ ᠬᠢᠮᠢ ᠶᠢᠨ ᠵᠦᠢᠯ ᠤᠨ ᠠᠵᠤ ᠠᠬᠤᠶᠢᠯᠠᠯ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠨᠡᠮᠡᠭᠳᠡᠭᠦᠯᠬᠦ ᠪᠠᠷ ᠳᠠᠮᠵᠢᠭᠤᠯᠤᠨ᠂ ᠲᠤᠰᠬᠠᠶ ᠵᠦᠢᠯ ᠢᠶᠠᠷ ᠪᠠᠶᠢᠴᠠᠭᠠᠬᠤ ᠪᠠ ᠲᠤᠰᠬᠠᠶ ᠮᠡᠷᠭᠡᠵᠢᠯᠲᠡᠨ ᠢᠶᠠᠷ ᠵᠢᠯᠣᠭᠤᠳᠣᠭᠤᠯᠤᠨ ᠦᠢᠯᠡᠴᠢᠯᠡᠭᠦᠯᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠠᠶᠤᠯ ᠦᠭᠡᠶ ᠶᠢᠨ ᠬᠠᠮᠢᠶᠠᠷᠤᠯᠲᠠ ᠶᠢᠨ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠨ  ᠰᠢᠢᠤᠡᠪᠣᠷᠢᠯᠡᠬᠦ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠠᠶᠤᠯ ᠦᠭᠡᠶ ᠪᠣᠯᠭᠠᠬᠤ ᠶᠢ ᠦᠨᠡᠨᠬᠦ ᠪᠠᠲᠤᠯᠠᠵᠤ᠂ ᠬᠦᠷᠢᠶᠡᠯᠡᠩ ᠲᠣᠭᠤᠷᠢᠭ ᠤᠨ ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠡᠶᠡᠯᠡᠭᠦᠯᠬᠦ ᠬᠡᠷᠡᠭᠲᠡᠶ᠃     ᠲᠤᠰ ᠤᠳᠠᠭ᠎ᠠ ᠶᠢᠨ ᠲᠤᠰᠬᠠᠢ ᠠᠵᠢᠯᠯᠠᠭ᠎ᠠ ᠪᠣᠯ ᠬᠠᠶᠢᠷᠤᠪ ᠤᠨ ᠲᠤᠬᠤᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠳᠤ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠰᠠᠭᠤᠭᠠᠯᠢ ᠠᠷᠠᠳ ᠪᠣᠯᠤᠨ ᠠᠵᠤ ᠠᠬᠤᠶᠢᠯᠠᠯ ᠳᠤ ᠨᠡᠩ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠩᠭᠤᠢ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号