ᠬᠠᠶᠢᠷᠤᠪ ᠤᠨ ᠲᠣᠬᠤᠢ ᠲᠣᠭᠤᠷᠢᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/20
    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠲᠥᠯᠥᠭᠡ᠂ ᠬᠡᠳᠦᠨ ᠡᠳᠦᠷ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠣᠷᠣᠯᠠᠭᠤᠯᠭ᠎ᠠ ᠵᠢᠴᠢ ᠰᠡᠯᠪᠢᠨ ᠵᠠᠰᠠᠬᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠡᠷᠡᠰ ᠰᠡᠷᠭᠡᠶᠢᠯᠡᠵᠦ᠂ ᠣᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠠᠲᠤᠯᠠᠪᠠ᠃    ᠬᠠᠤᠯᠢ ᠬᠡᠷᠡᠭᠵᠢᠭᠦᠯᠬᠦ ᠠᠵᠢᠯᠲᠠᠨ ᠬᠢᠷᠢ ᠬᠡᠮ᠂ ᠦᠢᠯᠡᠳᠬᠦᠨ ᠤ ᠶᠠᠰᠤ ᠴᠢᠨᠠᠷ᠂ ᠪᠣᠷᠣᠯᠠᠭᠤᠯᠬᠤ ᠦᠢᠯᠡ ᠠᠵᠢᠯᠯᠠᠭ᠎ᠠ ᠪᠠᠷ ᠭᠤᠤᠯ ᠪᠣᠯᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠠᠮᠢᠶ᠎ᠠ ᠪᠥᠬᠦᠶ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ ᠤᠨ ᠮᠡᠳᠡᠭᠡ ᠵᠠᠩᠭᠢ ᠨᠢ ᠲᠡᠷᠭᠡ ᠬᠥᠰᠬᠡ ᠶᠢᠨ ᠭᠠᠳᠠᠷ ᠪᠠᠶᠢᠳᠠᠯ᠂ ᠴᠠᠬᠢᠯᠭᠠᠨ ᠬᠤᠷᠢᠶᠠᠭᠤᠷ ᠤᠨ ᠨᠠᠷᠠᠲᠤ ᠲᠥᠷᠥᠯ ᠲᠡᠮᠳᠡᠭᠲᠦ ᠶᠢᠨ ᠬᠡᠯᠪᠡᠷᠢ ᠮᠠᠶ᠋ᠢᠭ ᠨᠢ ᠨᠢᠭᠡᠳᠦᠯᠲᠡᠶ ᠪᠠᠶᠢᠬᠤ ᠡᠰᠡᠬᠦ᠂ ᠬᠤᠷᠳᠤᠴᠠ ᠬᠢᠵᠠᠭᠠᠷᠯᠠᠭᠴᠢ ᠶᠢ ᠬᠠᠤᠯᠢ ᠪᠤᠰᠤ ᠪᠠᠷ ᠨᠤᠷᠠᠭᠠᠬᠤ ᠵᠡᠷᠭᠡ ᠵᠠᠩᠭᠢᠯᠠᠭ᠎ᠠ ᠶᠢᠨ ᠲᠣᠨᠤᠭ ᠲᠥᠬᠦᠭᠡᠷᠦᠮᠵᠢ ᠪᠠᠶᠢᠬᠤ ᠡᠰᠡᠬᠦ᠂ ᠶᠡᠭᠡ ᠴᠢᠳᠠᠪᠬᠢᠲᠤ ᠴᠠᠬᠢᠯᠭᠠᠨ ᠬᠤᠷᠢᠶᠠᠭᠤᠷ ᠢ ᠳᠤᠷ᠎ᠠ ᠪᠠᠷ ᠢᠶᠠᠨ ᠰᠣᠯᠢᠬᠤ ᠵᠢᠴᠢ CCC ᠶᠢᠨ ᠭᠡᠷᠡᠴᠢᠯᠡᠯ ᠣᠯᠤᠭᠰᠠᠨ ᠥᠬᠡᠶ ᠪᠤᠶᠤ CCC ᠶᠢᠨ ᠭᠡᠷᠡᠴᠢᠯᠡᠭᠡ ᠶᠢᠨ ᠮᠡᠳᠡᠭᠡ ᠵᠠᠩᠭᠢ ᠶᠢ ᠬᠠᠭᠤᠷᠮᠠᠭ ᠢᠶᠠᠷ ᠵᠣᠬᠢᠶᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ ᠶᠢ ᠭᠤᠤᠯᠳᠠᠯᠭ᠎ᠠ ᠲᠠᠢ ᠬᠢᠨᠠᠨ ᠪᠠᠶᠢᠴᠠᠭᠠᠵᠤ᠂ ᠪᠠᠷᠢᠮᠵᠢᠶ᠎ᠠ ᠪᠤᠰᠤ ᠲᠡᠷᠭᠡ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠴᠠᠭᠠᠵᠠᠯᠠᠨ᠎ᠠ᠃ ᠡᠭᠦᠨ ᠤ ᠬᠠᠮᠲᠤ᠂ ᠪᠣᠷᠣᠯᠠᠭᠤᠯᠭ᠎ᠠ ᠶᠢᠨ ᠬᠤᠳᠠᠯᠳᠤᠭᠠᠴᠢᠨ ᠡᠷᠦᠬᠡ᠂ ᠰᠡᠯᠪᠢᠨ ᠵᠠᠰᠠᠬᠤ ᠬᠤᠳᠠᠯᠳᠤᠭᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ 82 ᠬᠤᠪᠢ ᠲᠣᠭᠲᠠᠵᠤ᠂ 68 ᠡᠵᠡᠩᠨᠡᠯᠲᠡ ᠶᠢᠨ ᠡᠷᠦᠬᠡ ᠳᠤ ︽ᠠᠵᠤ ᠦᠢᠯᠡᠳᠪᠦᠷᠢ ᠶᠢᠨ ᠦᠢᠯᠡᠳᠬᠦᠨ ᠪᠣᠷᠣᠯᠠᠭᠤᠯᠬᠤ ᠨᠢᠭᠡᠴᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠬᠦ ᠪᠤᠯᠤᠩ︾ ᠢ ᠦᠢᠯᠡᠳᠴᠦ᠂ ᠰᠡᠯᠪᠢᠨ ᠵᠠᠰᠠᠬᠤ ᠬᠤᠳᠠᠯᠳᠤᠭᠠᠴᠢᠨ ᠡᠷᠦᠬᠡ ᠳᠤ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠵᠤ ︿ᠪᠡᠶ᠎ᠡ ᠶᠢᠨ ᠪᠠᠶᠢᠴᠠᠭᠠᠯᠲᠠ ᠶᠢᠨ ᠬᠡᠯᠪᠡᠷᠢ﹀ ᠶᠢᠨ ᠬᠢᠨᠠᠯᠲᠠ ᠲᠠᠯᠪᠢᠬᠤ ᠮᠡᠳᠡᠭᠳᠡᠯ ᠤᠨ ᠪᠢᠴᠢᠭ︾ ᠢ ᠨᠡᠶᠢᠲᠡ 34 ᠬᠤᠪᠢ ᠲᠠᠷᠬᠠᠭᠠᠪᠠ᠃ ᠣᠲᠣ ᠪᠣᠯᠲᠠᠯ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ ᠡᠷᠦᠬᠡ ᠵᠢᠴᠢ ᠰᠡᠯᠪᠢᠨ ᠵᠠᠰᠠᠬᠤ ᠡᠷᠦᠬᠡ ᠶᠢ ᠨᠡᠶᠢᠲᠡ 104 ᠡᠷᠦᠬᠡ ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 208 ᠬᠥᠮᠦᠨ ᠤᠳᠠᠭ᠎ᠠ ᠬᠥᠳᠡᠯᠭᠡᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ 13 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂  ᠬᠢᠷᠢ ᠲᠡᠩᠴᠡᠬᠦ ᠥᠬᠡᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠪᠣᠷᠣᠯᠠᠭᠤᠯᠤᠭᠰᠠᠨ ᠬᠡᠷᠡᠭ ᠢ ᠨᠡᠶᠢᠲᠡ 14 ᠤᠳᠠᠭ᠎ᠠ ᠰᠢᠢᠤᠡᠪᠤᠷᠢᠯᠡᠪᠡ᠃    ᠬᠠᠶᠢᠷᠤᠪ ᠤᠨ ᠲᠤᠬᠤᠢ ᠲᠣᠭᠤᠷᠢᠭ ᠤᠨ ᠬᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠶᠠᠰᠤ ᠴᠢᠨᠠᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号