ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠶᠢ ᠤᠷᠢᠵᠤ ᠡᠪᠡᠳᠴᠢᠨ ᠦᠵᠡᠭᠦᠯᠬᠦ ᠦᠢᠯᠡᠴᠢᠯᠡᠭᠡ ᠦᠷᠨᠢᠭᠦᠯᠪᠡ
ᠨᠡᠶᠢᠲᠡᠯᠡᠭᠰᠡᠨ ᠴᠠᠭ᠄
2025/5/20
    5 ᠰᠠᠷ᠎ᠠ ᠶᠢᠨ 17 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠵᠤᠤ ᠵᠢᠶᠠ‌‍ᠶ᠋ᠢᠦ ᠡᠷᠬᠢᠯᠡᠭᠴᠢ ᠡᠮᠴᠢ ᠶᠢ ᠤᠷᠢᠵᠤ ᠡᠪᠡᠳᠴᠢᠨ ᠦᠵᠡᠭᠦᠯᠬᠦ ᠦᠢᠯᠡᠴᠢᠯᠡᠭᠡ ᠥᠷᠨᠢᠭᠦᠯᠵᠦ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ ᠥᠨᠳᠥᠷ ᠬᠢᠷᠢ ᠲᠦᠪᠰᠢᠨ ᠪᠦᠬᠦᠢ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ ᠦᠢᠯᠡᠴᠢᠯᠡᠭᠡ ᠬᠦᠷᠲᠡᠭᠡᠪᠡ᠃ 
640.jpg
       ᠰᠠᠭᠤᠵᠤ ᠦᠵᠡᠯᠭᠡ ᠬᠢᠭᠰᠡᠨ ᠲᠡᠷᠡ ᠡᠳᠦᠷ ᠨᠢ᠂ ᠡᠮᠴᠢᠯᠡᠬᠦ ᠭᠡᠷ ᠤᠨ ᠭᠠᠳᠠᠨ᠎ᠠ ᠡᠷᠲᠡ ᠤᠷᠲᠤ ᠮᠦᠷᠦᠯᠡᠭᠰᠡᠨ ᠪᠠᠶᠢᠨ᠎ᠠ᠃ ᠵᠣᠣ ᠵᠢᠶᠠ ᠶᠢᠤ ᠡᠷᠬᠢᠯᠡᠭᠴᠢ ᠡᠮᠴᠢ ᠤᠯᠠᠮᠵᠢᠯᠠᠯᠲᠤ ᠬᠢᠲᠠᠳ ᠡᠮᠨᠡᠯᠭᠡ ᠶᠢᠨ ᠣᠨᠣᠰᠢᠯᠠᠬᠤ ᠠᠷᠭ᠎ᠠ ᠶᠢ ᠬᠡᠷᠡᠭᠯᠡᠨ᠂ ᠡᠪᠡᠳᠴᠢᠲᠡᠨ ᠤ ᠡᠪᠡᠳᠴᠢᠨ ᠤ ᠲᠡᠦᠬᠡ ᠶᠢ ᠨᠠᠷᠢᠨ ᠨᠢᠮᠪᠠᠶ ᠠᠰᠠᠭᠤᠨ ᠯᠠᠪᠯᠠᠵᠤ᠂ ᠡᠪᠡᠳᠴᠢᠲᠡᠨ ᠤ ᠡᠪᠡᠳᠴᠢᠨ ᠤ ᠪᠠᠶᠢᠳᠠᠯ ᠢ ᠨᠠᠷᠢᠨ ᠬᠢᠨᠠᠮᠠᠭᠠᠶ ᠠᠵᠢᠭᠯᠠᠵᠤ᠂ ᠰᠤᠳᠠᠯ ᠤᠨ ᠣᠨᠣᠰᠢᠯᠠᠯᠲᠠ ᠶᠢ ᠨᠠᠷᠢᠨ ᠬᠢᠨᠠᠮᠠᠭᠠᠶ ᠬᠢᠵᠦ᠂ ᠤᠳᠠᠭᠠᠨ ᠴᠢᠨᠠᠷᠲᠠᠶ ᠬᠤᠳᠣᠭᠤᠳᠣᠨ ᠤ ᠦᠷᠪᠢᠰᠦᠯ᠂ ᠬᠤᠳᠣᠭᠤᠳᠣᠨ ᠤ ᠢᠳᠡᠭᠡᠨ ᠤ ᠭᠤᠤᠷᠰᠤ ᠶᠢᠨ ᠲᠠᠬᠤᠯ ᠡᠪᠡᠳᠴᠢᠨ ᠵᠡᠷᠭᠡ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ ᠡᠮᠭᠡᠭ ᠲᠤ ᠴᠢᠭᠯᠡᠭᠦᠯᠦᠨ᠂ ᠡᠪᠡᠳᠴᠢᠲᠡᠨ ᠨᠢᠭᠡᠪᠦᠷᠢ ᠶᠢᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠲᠤᠬᠠᠶ ᠶᠢᠨ ᠲᠠᠯᠠᠪᠤᠷ ᠲᠤ ᠥᠪᠡᠷᠮᠢᠴᠡ ᠬᠢᠲᠠᠳ ᠡᠮ ᠤᠨ ᠵᠣᠷ ᠭᠠᠷᠭᠠᠬᠤ ᠶᠢᠨ ᠬᠠᠮᠲᠤ ᠡᠪᠡᠳᠴᠢᠲᠡᠨ ᠤ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠬᠤ ᠶᠢᠨ ᠬᠠᠮᠲᠤ ᠡᠳᠦᠷ ᠲᠤᠲᠤᠮ ᠤᠨ ᠢᠳᠡᠭᠡᠨ ᠤᠮᠳᠠᠭᠠᠨ ᠪᠠ ᠠᠮᠢᠳᠤᠷᠠᠯ ᠤᠨ ᠠᠩᠬᠠᠷᠬᠤ ᠵᠦᠢᠯᠡᠰ ᠢ ᠵᠠᠬᠢᠪᠠ᠃
640 (1).jpg
640 (2).png
      ᠲᠣᠰ ᠤᠳᠠᠭ᠎ᠠ ᠡᠮᠨᠡᠯᠭᠡ ᠳᠤ ᠰᠠᠭᠤᠵᠤ ᠡᠮᠨᠡᠭᠦᠯᠬᠦ ᠨᠢ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ︾ ᠠᠰᠠᠭᠤᠳᠠᠯ ᠢ ᠦᠨᠡᠨ ᠬᠦ ᠰᠢᠢᠳᠪᠦᠷᠢᠯᠡᠭᠰᠡᠨ ᠪᠥᠭᠡᠳ ᠡᠮᠨᠡᠯᠭᠡ ᠶᠢᠨ ᠬᠤᠷᠢᠶᠠᠨ ᠤ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠭᠡᠰᠢᠭᠦᠨ ᠭᠤᠤ ᠶᠤᠸᠠᠨ᠄ ︽ᠮᠠᠨ ᠤ ᠬᠤᠷᠢᠶ᠎ᠠ ᠪᠡᠭᠡᠵᠢᠩ ᠤᠨ ᠳ᠋ᠦᠩ ᠴᠧᠩ ᠲᠣᠭᠤᠷᠢᠭ ᠤᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠲᠠᠢ ᠭᠦᠨᠵᠡᠭᠡᠶ ᠬᠠᠮᠲᠤᠷᠠᠯᠴᠠᠭ᠎ᠠ ᠬᠢᠵᠦ᠂ ︿ᠣᠷᠣᠨ ᠪᠦᠰᠡ ᠠᠯᠤᠰᠯᠠᠭᠰᠠᠨ ᠡᠮᠴᠢᠯᠡᠭᠡᠨ ᠤ ᠬᠠᠮᠵᠢᠯᠴᠠᠭᠠᠨ ᠤ ᠬᠥᠭᠦᠷᠭᠡ﹀ ᠶᠢ ᠪᠠᠶᠢᠭᠤᠯᠵᠤ᠂ ᠨᠡᠶᠢᠰᠯᠡᠯ ᠤᠨ ᠣᠷᠦ᠋ᠢᠯᠠᠭᠰᠠᠨ ᠬᠢᠲᠠᠳ ᠡᠮᠨᠡᠯᠭᠡ ᠶᠢᠨ ᠡᠬᠢ ᠪᠠᠶᠠᠯᠢᠭ ᠢ ᠦᠨᠡᠨ ᠬᠦ ︿ᠡᠪᠡᠳᠴᠢᠲᠡᠨ ᠨᠢ ᠬᠥᠳᠡᠯᠬᠦ ᠥᠬᠡᠶ᠂ ᠲᠤᠰᠬᠠᠶ ᠮᠡᠷᠭᠡᠵᠢᠯᠲᠡᠨ ᠢ ᠰᠢᠯᠵᠢᠭᠦᠯᠬᠦ﹀ ᠶᠢ  ᠪᠡᠶᠡᠯᠡᠭᠦᠯᠤᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号