ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠤᠭᠰᠠᠨ ᠠᠵᠢᠯ ᠠᠯᠳᠠᠭᠰᠠᠳ ᠤᠨ ᠡᠮᠴᠢᠯᠡᠭᠡᠨ ᠤ | ᠳᠠᠭᠠᠳᠬᠠᠯ ᠢ ᠶᠠᠭᠠᠬᠢᠬᠤ ᠪᠤᠶ︖ ᠥᠪᠡᠷᠰᠡᠳ ᠢᠶᠠᠨ ᠰᠦᠢᠳᠬᠡᠯ ᠲᠤᠰᠢᠶᠠᠬᠤ ᠴᠢᠬᠤᠯᠠ ᠲᠠᠢ ᠦᠦ︖ | ᠡᠪᠡᠳᠴᠢᠨ ᠢᠶᠠᠨ ᠦᠵᠡᠭᠦᠯᠬᠦ ᠳᠤ ᠲᠠᠩᠰᠠ ᠪᠠᠰᠠ ᠳᠡᠶᠢᠯᠵᠦ ᠲᠠᠶᠢᠯᠤᠨ᠎ᠠ ᠦᠦ︖ ᠠᠵᠢᠯ ᠠᠯᠳᠠᠭᠰᠠᠳ ᠤᠨ | ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ ᠴᠣᠬᠤᠮ ᠶᠠᠮᠠᠷ ᠶᠠᠮᠠᠷ ᠬᠠᠷᠠᠭᠠᠯᠵᠠᠯ ᠭᠥᠷᠳᠡᠵᠦ | ᠪᠣᠯᠬᠤ ᠪᠤᠶ︖ ᠤᠯᠠᠨ ᠤ ᠠᠩᠬᠠᠷᠴᠤ ᠪᠠᠶᠢᠭ᠎ᠠ ᠡᠳᠡᠭᠡᠷ ᠠᠰᠠᠭᠤᠳᠠᠯ ᠤᠳ᠋᠊ ᠲᠤ ᠨᠢᠭᠡᠳ ᠨᠢᠭᠡ ᠪᠠᠷ ᠬᠠᠷᠢᠭᠤᠯᠲᠠ | ᠥᠭᠭᠦᠶ᠎ᠡ᠃ | ᠨᠢᠭᠡ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ | ᠦᠷᠭᠦᠯᠵᠢᠯᠡᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠬᠦᠷᠲᠡᠵᠦ ᠪᠣᠯᠣᠨ᠎ᠠ ᠦᠦ︖ | ᠪᠣᠯᠣᠨ᠎ᠠ᠃ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠤᠨ ᠠᠵᠢᠯᠲᠠᠨ | ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠷ ᠲᠤᠰᠢᠶᠠᠬᠤ ᠶᠣᠰᠣᠲᠠᠢ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠦᠢᠳᠬᠡᠯ ᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠲᠤᠰᠢᠶᠠᠵᠤ | ᠥᠭᠬᠦᠨ᠎ᠡ᠂ ᠬᠤᠪᠢ ᠬᠥᠮᠥᠨ ᠰᠦᠢᠳᠬᠡᠯ ᠲᠤᠰᠢᠶᠠᠬᠤ ᠦᠭᠡᠢ᠃ ᠥᠭᠡᠷ᠎ᠡ ᠪᠠᠷ ᠬᠡᠯᠡᠪᠡᠯ᠂ ᠠᠵᠢᠯ ᠠᠯᠳᠠᠭᠰᠠᠳ ᠤᠨ | ᠡᠮᠴᠢᠯᠡᠭᠡᠨ ᠤ ᠳᠠᠭᠠᠳᠬᠠᠯ ᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦᠨ ᠠᠴᠠ ᠰᠢᠭᠤᠳ ᠲᠤᠰᠢᠶᠠᠵᠤ | ᠥᠭᠭᠦᠨ᠎ᠡ᠃ | ᠬᠤᠶᠠᠷ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠥᠪᠡᠷᠰᠡᠳ ᠢᠶᠠᠨ | ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠴᠢᠬᠤᠯᠠ ᠲᠠᠢ ᠦᠦ︖ | | ᠠᠵᠢᠯ ᠠᠯᠳᠠᠭᠰᠠᠳ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ | ᠡᠯ᠎ᠡ ᠱᠠᠲᠤᠨ ᠤ ᠠᠵᠢᠯ ᠠᠯᠳᠠᠭᠰᠠᠳ ᠤᠨ ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠨᠤᠭᠤᠳ ᠰᠠᠷ᠎ᠠ ᠪᠠᠷ ᠨᠢᠭᠡᠴᠢ | ᠪᠣᠯᠭᠠᠨ ᠣᠷᠣᠯᠠᠨ ᠲᠤᠰᠢᠶᠠᠨ᠎ᠠ᠃ ᠠᠵᠢᠯ ᠠᠯᠳᠠᠭᠰᠠᠳ ᠲᠤ ᠠᠪᠴᠤ ᠬᠡᠯᠡᠪᠡᠯ᠂ ᠠᠵᠢᠯ ᠠᠯᠳᠠᠭᠰᠠᠳ ᠤᠨ | ᠳᠠᠭᠠᠳᠬᠠᠯ ᠤᠨ ᠮᠥᠩᠭᠦ ᠪᠠᠨ ᠭᠤᠶᠤᠴᠢᠯᠠᠨ ᠣᠯᠣᠭᠰᠠᠨ ᠤ ᠳᠠᠷᠠᠭ᠎ᠠ᠂ ᠥᠪᠡᠷᠰᠡᠳ ᠢᠶᠠᠨ ᠡᠮᠴᠢᠯᠡᠭᠡᠨ ᠤ | ᠳᠠᠭᠠᠳᠬᠠᠯ ᠤᠨ ᠰᠦᠢᠳᠬᠡᠯ ᠲᠤᠰᠢᠶᠠᠬᠤ ᠴᠢᠬᠤᠯᠠ ᠦᠭᠡᠢ᠃ | ᠭᠤᠷᠪᠠ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠶᠠᠮᠠᠷ ᠶᠠᠮᠠᠷ | ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠬᠦᠷᠲᠡᠵᠦ ᠪᠣᠯᠬᠤ ᠪᠤᠢ︖ | ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠨᠢ ᠠᠵᠢᠯ ᠤᠨ | ᠪᠠᠶᠢᠷᠢᠨ ᠳᠤ ᠪᠠᠨ ᠪᠠᠶᠢᠭ᠎ᠠ ᠠᠵᠢᠯᠲᠠᠨ ᠠᠵᠢᠯᠴᠢᠨ ᠲᠠᠢ ᠡᠭᠡᠭᠡ ᠠᠳᠠᠯᠢᠬᠠᠨ ᠢᠶᠠᠷ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠬᠠᠷᠠᠭᠠᠯᠵᠠᠯ ︵ᠡᠮᠨᠡᠯᠭᠡ ᠳᠤ ᠰᠠᠭᠤᠬᠤ᠂ ᠡᠩ ᠤᠨ ᠡᠭᠦᠳᠡᠨ ᠡᠮᠨᠡᠯᠭᠡ ᠳᠤ ᠡᠮᠨᠡᠭᠦᠯᠬᠦ᠂ ᠡᠭᠦᠳᠡᠨ | ᠡᠮᠨᠡᠯᠭᠡ ᠳᠤ ᠤᠵᠢᠭ ᠡᠪᠡᠳᠴᠢᠨ ᠣᠨᠴᠠᠭᠠᠶ ᠡᠪᠡᠳᠴᠢᠨ ᠡᠮᠨᠡᠭᠦᠯᠬᠦ ᠳᠤ ᠨᠢᠭᠡᠳᠦᠯᠲᠡᠢ ᠲᠥᠯᠥᠪᠯᠡᠬᠦ ᠬᠠᠷᠠᠭᠠᠯᠵᠠᠯ ᠢ | ᠪᠠᠭᠲᠠᠭᠠᠨ᠎ᠠ︶ ᠪᠠ ᠦᠷᠡᠵᠢᠯ ᠤᠨ ᠳᠠᠭᠠᠳᠬᠠᠯ ᠤᠨ ᠬᠠᠷᠠᠭᠠᠯᠵᠠᠯ ᠢ ᠬᠦᠷᠲᠡᠵᠦ ᠪᠣᠯᠣᠨ᠎ᠠ᠃ | ᠳᠥᠷᠪᠡ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ | ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠦᠷᠭᠦᠯᠵᠢᠯᠡᠨ ᠬᠦᠷᠲᠡᠭᠡᠳ ᠪᠠᠶᠢᠵᠤ ᠪᠣᠯᠣᠨ᠎ᠠ ᠦᠦ︖ | ᠪᠣᠯᠣᠨ᠎ᠠ᠃ ᠠᠵᠢᠯ ᠠᠯᠳᠠᠭᠰᠠᠳ ᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ | ᠬᠤᠭᠤᠴᠠᠭᠠᠨ ᠳᠤ᠂ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠠᠵᠢᠯᠲᠠᠨ ᠠᠵᠢᠯᠴᠢᠨ ᠤ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠨᠢ ᠢᠵᠢᠯ ᠠᠯᠬᠤᠮ ᠢᠶᠠᠷ ᠲᠤᠰᠢᠶᠠᠵᠤ ᠥᠭᠭᠦᠨ᠎ᠡ᠂ | ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠬᠡᠳᠦᠢ ᠤᠷᠲᠤ ᠬᠤᠭᠤᠴᠠᠭ᠎ᠠ ᠠᠪᠤᠪᠠᠯ ᠠᠵᠢᠯᠲᠠᠨ | ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠨᠢ ᠳᠠᠷᠤᠢ ᠲᠡᠳᠦᠢ ᠤᠷᠲᠤ ᠬᠤᠭᠤᠴᠠᠭ᠎ᠠ | ᠲᠤᠰᠢᠶᠠᠵᠤ ᠥᠭᠭᠦᠨ᠎ᠡ᠃ | ᠲᠠᠪᠤ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠤᠭᠤᠴᠠᠭᠠᠨ ᠳᠤ ᠠᠵᠢᠯᠲᠠᠨ | ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ | ᠨᠡᠶᠢᠯᠡᠭᠦᠯᠦᠨ ᠪᠤᠳᠤᠵᠤ ᠥᠭᠭᠦᠨ᠎ᠡ ᠦᠦ︖ | ᠪᠣᠳᠣᠵᠤ ᠥᠭᠭᠦᠨ᠎ᠡ᠃ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠬᠦᠷᠲᠡᠵᠦ ᠪᠠᠶᠢᠭ᠎ᠠ ᠬᠥᠮᠥᠰ ᠤᠨ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠷ ᠰᠦᠢᠳᠬᠡᠯ ᠲᠤᠰᠢᠶᠠᠭᠰᠠᠨ ᠵᠢᠯ | ᠬᠤᠭᠤᠴᠠᠭ᠎ᠠ ᠶᠢ ᠨᠢ ᠲᠡᠭᠦᠨ ᠤ ᠠᠵᠢᠯ ᠠᠯᠳᠠᠬᠤ ᠠᠴᠠ ᠡᠮᠦᠨᠡᠬᠢ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠬᠤ ᠪᠠᠷ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢ ᠨᠢ ᠨᠡᠶᠢᠯᠡᠭᠦᠯᠦᠨ ᠪᠣᠳᠣᠨ᠎ᠠ᠃ | |