ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠪᠥᠬᠦ ᠲᠤᠭᠤᠷᠢᠭ ᠤᠨ ᠺᠠᠳ᠋ᠷᠴᠤᠳ ᠤᠨ ᠶᠡᠭᠡ ᠬᠤᠷᠠᠯ | ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠼᠦᠢ ᠬᠤᠩ ᠪᠥᠸᠧ ᠬᠤᠷᠠᠯ ᠢ ᠡᠷᠬᠢᠯᠡᠪᠡ᠃ ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠵᠢᠴᠢ | ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠶ᠃ | ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠣᠳᠣᠬᠠᠨ ᠤ ᠠᠵᠤ ᠠᠬᠤᠢ ᠶᠢᠨ ᠬᠥᠭᠵᠢᠯᠲᠡ ᠳᠤ | ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠪᠠᠶᠢᠳᠠᠯ ᠢ ᠪᠦᠬᠦ ᠲᠠᠯ᠎ᠠ ᠪᠠᠷ ᠵᠠᠳᠠᠯᠵᠤ᠂ ᠣᠷᠣᠰᠢᠵᠤ ᠪᠠᠶᠢᠭ᠎ᠠ | ᠠᠰᠠᠭᠤᠳᠠᠯ ᠤᠨ ᠵᠠᠩᠭᠢᠯᠠᠭ᠎ᠠ ᠶᠢ ᠭᠦᠨᠵᠡᠭᠡᠢ ᠵᠠᠳᠠᠯᠵᠤ᠂ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ | ᠪᠠᠶᠢᠳᠠᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷ᠂ ᠡᠯ᠎ᠡ ᠰᠠᠯᠠᠭ᠎ᠠ ᠮᠥᠴᠢᠷ | ᠨᠢᠭᠡᠴᠡ ᠶᠢᠨ ᠬᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠵᠤ ᠠᠬᠤᠢ ᠶᠢᠨ ᠠᠵᠢᠯ ᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠵᠥᠪ ᠣᠨᠣᠪᠴᠢᠲᠠᠢ | ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠵᠤ᠂ ᠳᠡᠭᠡᠷ᠎ᠡ ᠬᠠᠭᠠᠰ ᠵᠢᠯ ᠤᠨ ᠦᠯᠡᠳᠡᠭᠰᠡᠨ ᠴᠠᠭ ᠢ | ᠴᠢᠩᠭ᠎ᠠ ᠠᠳᠬᠤᠵᠤ᠂ ᠳᠡᠭᠡᠷ᠎ᠡ ᠬᠠᠭᠠᠰ ᠵᠢᠯ ᠤᠨ ᠡᠭᠦᠷᠭᠡ ᠬᠠᠷᠠᠯᠲᠠ ᠶᠢ ᠰᠠᠶᠢᠳᠣᠷ ᠪᠡᠶᠡᠯᠡᠭᠦᠯᠬᠦ ᠬᠡᠷᠡᠭᠲᠡᠢ᠃ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠠᠵᠢᠯ ᠢ ᠦᠨᠡᠨᠬᠦ ᠨᠠᠷᠢᠯᠢᠭ | ᠪᠣᠳᠠᠲᠠᠢ ᠬᠢᠵᠦ᠂ ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠳᠠᠭᠠᠭᠠᠴᠢᠯᠠᠨ ᠬᠤᠯᠪᠣᠭᠠᠯᠠᠬᠤ | ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ | ᠥᠭᠬᠦ ᠬᠡᠷᠡᠭᠲᠡᠢ᠃ ᠡᠯ᠎ᠡ ᠪᠠᠯᠭᠠᠰᠤ᠂ ᠵᠡᠭᠡᠯᠢ ᠭᠤᠳᠤᠮᠵᠢ ᠪᠣᠯᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠨᠥᠬᠦᠳ ᠪᠠᠷᠢᠯᠭ᠎ᠠ ᠶᠢᠨ ᠠᠵᠢᠯ ᠤᠨ ᠠᠩᠬᠢ ᠶᠢᠨ ᠳᠠᠷᠤᠭ᠎ᠠ ᠪᠤᠯᠵᠤ᠂ ᠤᠴᠢᠷ ᠶᠠᠪᠤᠳᠠᠯ ᠢ ᠰᠥᠨᠢ ᠪᠠᠷ ᠥᠩᠭᠡᠷᠡᠭᠦᠯᠬᠦ | ᠦᠭᠡᠢ ᠵᠣᠷᠢᠭ ᠰᠠᠨᠠᠭ᠎ᠠ ᠪᠠᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠳᠣᠣᠷ᠎ᠠ ᠬᠠᠭᠠᠰ ᠵᠢᠯ ᠤᠨ ᠠᠵᠢᠯ ᠢᠶᠠᠨ | ᠤᠷᠢᠳᠴᠢᠯᠠᠨ ᠲᠥᠯᠥᠪᠵᠢᠭᠦᠯᠵᠦ᠂ ᠪᠦᠬᠦ ᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ | ᠭᠡᠵᠤ ᠴᠢᠬᠤᠯᠠᠴᠢᠯᠠᠪᠠ᠃ | ᠬᠤᠷᠠᠯ ᠠᠴᠠ᠂ ᠪᠦᠬᠦ ᠲᠤᠭᠤᠷᠢᠭ ᠢᠶᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯ ᠬᠦᠴᠦᠨ ᠢ ᠲᠦᠷᠭᠡᠨ ᠪᠦᠷᠢᠯᠳᠦᠭᠦᠯᠬᠦ ᠬᠡᠷᠡᠭᠲᠡᠢ᠃ | ᠬᠥᠭᠵᠢᠯᠲᠡ ᠶᠢᠨ ᠣᠶᠢᠯᠠᠭᠠᠭᠳᠠᠬᠤᠨ ᠢ ᠬᠤᠪᠢᠷᠠᠭᠤᠯᠵᠤ᠂ ᠳᠠᠪᠠᠭᠤᠯᠢᠭ ᠠᠵᠤ ᠦᠢᠯᠡᠰ ᠤᠨ ᠰᠢᠰᠲ᠋ᠧᠮ ᠢ ᠳᠠᠬᠢᠨ | ᠪᠠᠶᠢᠭᠤᠯᠬᠤ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠬᠠᠲᠠᠭᠤ ᠪᠡᠶᠡᠲᠦ ᠯᠢᠲ᠋ᠢ ᠳ᠋ᠢᠶᠠᠨ ᡂᠢ ᠵᠡᠷᠭᠡ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠵᠤ ᠠᠬᠤᠶ ᠵᠡᠷᠭᠡ ᠢᠷᠡᠭᠡᠳᠦᠶ ᠶᠢᠨ ᠠᠵᠤ ᠦᠢᠯᠡᠰ ᠢ ᠰᠦᠪᠡᠭᠴᠢᠯᠡᠨ ᠠᠬᠢᠭᠤᠯᠤᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ︽ᠬᠤᠣᠰ ᠴᠢᠭᠯᠡᠯ ᠢᠶᠠᠷ | ᠬᠤᠷᠰᠢᠯᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠲᠦᠰᠢᠭᠯᠡᠨ᠂ ᠳᠠᠪᠠᠭᠤᠯᠢᠭ | ᠠᠵᠤ ᠦᠢᠯᠡᠰ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠤᠨ ᠲᠣᠭᠤᠷᠢᠨ ᠳᠤ ᠤᠨᠢᠨ ᠳᠡᠭᠡᠷ᠎ᠡ ᠨᠢ | ᠠᠷᠠᠯᠵᠢᠶᠠᠴᠢᠨ ᠤᠷᠢᠬᠤ ᠶᠢ ᠬᠡᠷᠡᠭᠵᠢᠭᠦᠯᠵᠦ᠂ ᠳᠡᠭᠡᠳᠦ ᠳᠤᠤᠷᠠᠳᠤ ᠤᠷᠤᠰᠬᠠᠯ ᠤᠨ ᠢᠵᠢ ᠪᠦᠷᠢᠳᠦᠭᠰᠡᠨ ᠠᠵᠤ | ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠬᠤ ᠬᠡᠷᠡᠭᠲᠡᠢ᠃ ᠪᠥᠬᠦ ᠦᠶᠡᠯᠡᠯ ᠤᠨ ᠬᠤᠭᠤᠴᠠᠭᠠᠨ ᠳᠤ ᠠᠵᠤ | ᠠᠬᠤᠶᠢᠯᠠᠯ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠪᠥᠬᠦ ᠶᠠᠪᠤᠴᠠ ᠳᠤ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠲᠣᠭᠲᠠᠴᠠ ᠶᠢ ᠬᠡᠷᠡᠭᠵᠢᠭᠦᠯᠦᠨ᠎ᠡ᠃ ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠲᠠᠷᠢᠶᠠᠯᠠᠩ ᠢ | ᠲᠦᠷᠭᠡᠪᠴᠢᠯᠡᠨ ᠬᠥᠭᠵᠢᠭᠦᠯᠵᠦ᠂ ᠢᠳᠡᠰᠢᠨ ᠨᠣᠭᠤᠭ᠎ᠠ ᠶᠢᠨ ᠠᠵᠤ ᠦᠢᠯᠡᠰ ᠢ ᠤᠯᠠᠮ ᠨᠢᠭᠡ ᠠᠯᠬᠤᠮ | ᠬᠦᠴᠦᠷᠬᠡᠭᠵᠢᠭᠦᠯᠦᠨ᠂ ᠴᠥᠭᠡᠨ ᠵᠦᠢᠯ ᠤᠨ ᠨᠠᠷᠢᠯᠢᠭ ᠡᠭᠦᠯᠳᠡᠷ᠂ ᠴᠢᠨᠠᠷ ᠰᠠᠶᠢᠲᠠᠶ ᠦᠨ᠎ᠡ ᠰᠠᠶᠢᠨ ᠪᠠᠶᠢᠬᠤ ᠶᠢ | ᠪᠡᠶᠡᠯᠡᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠬᠡᠷᠡᠭᠲᠡᠶ᠃ ᠣᠷᠣᠨ ᠪᠦᠰᠡ | ᠠᠯᠤᠰᠯᠠᠭᠰᠠᠨ ᠬᠠᠮᠲᠤᠷᠠᠯᠴᠠᠭ᠎ᠠ ᠶᠢ ᠥᠷᠨᠢᠭᠦᠯᠵᠦ᠂ ᠡᠯᠡᠰᠦᠨ ᠴᠦᠯ ᠤᠨ ᠬᠡᠭᠡᠷᠡᠯᠡᠬᠦ ᠠᠵᠤ ᠦᠢᠯᠡᠰ ᠢ ᠲᠦᠷᠭᠡᠨ | ᠲᠥᠯᠥᠪᠵᠢᠭᠦᠯᠵᠦ᠂ ᠭᠤᠷᠪᠠᠳᠤᠭᠠᠷ ᠠᠵᠤ ᠦᠢᠯᠡᠰ ᠤᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ | ᠪᠦᠷᠢᠯᠳᠦᠭᠦᠯᠬᠦ ᠬᠡᠷᠡᠭᠲᠡᠢ᠃ ᠺᠠᠳ᠋ᠷ ᠤᠨ ᠡᠩᠨᠡᠭᠡᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠳᠡᠭᠡᠨ ᠴᠢᠳᠠᠮᠠᠭᠠᠢ ᠨᠢᠭᠡ ᠪᠦᠯᠦᠭ ᠺᠠᠳ᠋ᠷ ᠢ ᠰᠢᠯᠢᠨ ᠳᠡᠪᠰᠢᠭᠦᠯᠵᠦ | ᠲᠣᠮᠢᠯᠠᠨ ᠬᠡᠷᠡᠭᠯᠡᠵᠦ᠂ ᠤᠳᠤᠷᠢᠳᠬᠤ ᠠᠵᠢᠯ ᠤᠨ ᠪᠠᠶᠢᠷᠢ ᠶᠢ ᠲᠡᠭᠦᠯᠳᠡᠷᠵᠢᠭᠦᠯᠬᠦ ᠬᠡᠷᠡᠭᠲᠡᠢ᠂ ᠢᠯᠠᠩᠭᠤᠶ᠎ᠠ ᠰᠢᠯᠢᠳᠡᠭ | ᠵᠠᠯᠠᠭᠤ ᠺᠠᠳ᠋ᠷ ᠢ ᠵᠣᠷᠢᠭᠲᠠᠢ ᠪᠠᠷ ᠰᠢᠯᠢᠨ ᠳᠡᠪᠰᠢᠭᠦᠯᠵᠦ᠂ ᠺᠠᠳ᠋ᠷ ᠤᠨ ᠡᠩᠨᠡᠭᠡᠨ ᠤ ᠬᠥᠳᠡᠯᠭᠡᠬᠦ ᠬᠦᠴᠦᠨ ᠢ ᠬᠥᠭᠵᠢᠭᠡᠬᠦ | ᠬᠡᠷᠡᠭᠲᠡᠢ᠃ ᠱᠠᠩᠨᠠᠵᠤ ᠲᠣᠷᠭᠠᠬᠤ ᠳᠦᠷᠢᠮ ᠢ ᠴᠢᠩᠭ᠎ᠠ ᠪᠡᠶᠡᠯᠡᠭᠦᠯᠵᠦ᠂ ᠪᠦᠬᠦ ᠲᠤᠭᠤᠷᠢᠭ ᠳᠠᠶᠠᠭᠠᠷ ᠲᠤ | ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠠᠵᠢᠯ | ᠶᠠᠪᠤᠳᠠᠯ ᠬᠢᠵᠦ ᠠᠳᠠᠯ ᠦᠢᠯᠡᠰ ᠴᠣᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ ᠭᠡᠵᠤ | ᠴᠢᠬᠤᠯᠠᠴᠢᠯᠠᠪᠠ᠃ | ᠬᠤᠷᠠᠯ ᠠᠴᠠ ᠪᠠᠰᠠ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ᠂ ᠠᠬᠠᠮᠠᠳ ᠺᠠᠳ᠋ᠷ ᠤᠨ ᠲᠥᠯᠥᠭᠡᠯᠡᠭᠴᠢ ᠶᠢ ᠤᠷᠢᠵᠤ ᠣᠷᠣᠯᠴᠠᠭᠤᠯᠤᠭᠰᠠᠨ | ᠪᠥᠭᠡᠳ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠶᠠᠷᠢᠯᠴᠠᠪᠠ᠃ | |