ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠬᠠᠲᠤᠨ ᠭᠤᠤᠯ ᠤᠨ | ᠰᠠᠪᠠ ᠭᠠᠵᠠᠷ ᠤᠨ ᠬᠠᠶᠢᠷᠤᠪ ᠤᠨ ᠲᠣᠬᠤᠶ ᠶᠢᠨ ᠬᠡᠰᠡᠭ ᠤᠨ ᠤᠰᠤᠨ ᠤ ᠠᠮᠢ ᠠᠬᠤᠶ ᠶᠢ ᠬᠠᠮᠠᠭᠠᠯᠠᠨ ᠰᠡᠷᠭᠦᠭᠡᠬᠦ | ᠲᠤᠰᠬᠠᠶ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠶ ᠪᠠᠶᠢᠩᠭᠤ ᠶᠢᠨ ᠬᠤᠷᠢᠶᠠᠨ ᠤ ᠬᠤᠷᠠᠯ | ᠬᠤᠷᠠᠯᠳᠤᠭᠤᠯᠵᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠭᠤᠤ ᠳ᠋ᠧᠩ ᠴᠧᠩ᠂ ᠳᠡᠳ᠋ ᠲᠡᠷᠢᠭᠦᠯᠡᠭᠴᠢ ᠵᠧᠨ ᠷᠦᠢ᠂ ᠴᠢᠶᠣᠤ ᠬᠤᠶ ᠫᠢᠩ ᠬᠤᠷᠠᠯ ᠳᠤ | ᠣᠷᠣᠯᠴᠠᠵᠤ᠂ ᠳᠡᠳ᠋ ᠲᠡᠷᠢᠭᠦᠯᠡᠭᠴᠢ ᠾᠧ ᠮᠧᠶ ᠯᠢ ᠬᠤᠷᠠᠯ ᠢ ᠡᠷᠭᠢᠯᠡᠵᠦ᠂ ᠲᠤᠭᠤᠷᠢᠭ ᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠹᠦ᠋ ᠷᠦᠢ ᠤᠷᠢᠯᠭ᠎ᠠ ᠪᠠᠷ ᠬᠤᠷᠠᠯ ᠳᠤ ᠣᠷᠣᠯᠴᠠᠪᠠ᠃ | ᠬᠤᠷᠠᠯ ᠠᠴᠠ ︽ᠬᠠᠳᠤᠨ ᠭᠤᠣᠯ ᠤᠨ ᠰᠠᠪᠠ ᠭᠠᠵᠠᠷ ᠤᠨ ᠬᠠᠶᠢᠷᠤᠪ ᠤᠨ ᠲᠤᠬᠤᠢ ᠶᠢᠨ ᠬᠡᠰᠡᠭ ᠤᠨ ᠤᠰᠤᠨ ᠤ | ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠬᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ | ᠶᠢ ᠤᠯᠠᠮᠵᠢᠯᠠᠵᠤ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠪᠠᠶᠢᠩᠭᠤ ᠶᠢᠨ ᠭᠡᠰᠢᠭᠦᠨ᠂ ᠭᠡᠰᠢᠭᠦᠳ ᠬᠤᠯᠪᠣᠭᠳᠠᠯ | ᠪᠦᠬᠦᠢ ᠨᠢᠭᠡᠴᠢ ᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢᠨ ᠠᠭᠤᠯᠭ᠎ᠠ ᠶᠢᠨ ᠲᠣᠭᠤᠷᠢᠨ ᠳᠤ | ᠣᠪᠣᠷ ᠢᠶᠠᠨ ᠢᠯᠡᠳᠬᠡᠬᠦ ᠪᠠ ᠰᠠᠨᠠᠯ ᠢᠶᠠᠨ ᠰᠣᠯᠢᠯᠴᠠᠪᠠ᠃ | ᠬᠤᠷᠠᠯ ᠠᠴᠠ᠂ ᠬᠠᠶᠢᠷᠤᠪ ᠤᠨ ᠲᠤᠬᠤᠢ ᠶᠢᠨ ᠬᠡᠰᠡᠭ ᠨᠢ ᠬᠠᠳᠤᠨ ᠭᠤᠣᠯ ᠤᠨ ᠳᠡᠭᠡᠳᠦ ᠤᠷᠤᠰᠬᠠᠯ ᠤᠨ | ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠣᠳᠣᠬᠠᠨ ᠳᠤ ᠮᠥᠨ ᠬᠦ ᠤᠰᠤ ᠬᠡᠷᠡᠭᠯᠡᠬᠦ ᠬᠠᠩᠭᠠᠯᠭ᠎ᠠ | ᠬᠡᠷᠡᠭᠴᠡᠭᠡ ᠶᠢᠨ ᠵᠥᠷᠢᠴᠡᠯ ᠲᠣᠪᠤᠶᠢᠮ᠎ᠠ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ᠂ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠳᠤ ᠰᠣᠬᠤᠷ ᠪᠠᠯᠠᠢ ᠣᠷᠣᠨ ᠣᠷᠣᠰᠢᠵᠤ ᠪᠠᠶᠢᠭ᠎ᠠ ᠵᠡᠷᠭᠡ | ᠠᠰᠠᠭᠤᠳᠠᠯ ᠳᠤ ᠲᠤᠯᠭᠠᠷᠠᠵᠤ ᠪᠠᠶᠢᠨ᠎ᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠢ᠃ ᠡᠷᠬᠡᠪᠰᠢ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠰᠲ᠋ᠧᠮᠲᠦ ᠰᠡᠳᠬᠢᠬᠦᠢ ᠪᠣᠯᠤᠨ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠤᠢ ᠪᠣᠯᠭᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ | ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠱᠤᠭᠤᠮ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠵᠠᠰᠠᠯᠲᠠ ᠬᠠᠮᠠᠭᠠᠯᠠᠯᠲᠠ ᠶᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ ᠬᠢᠵᠦ | ᠵᠥᠪᠳᠡᠯᠴᠡᠬᠦ ᠶᠢᠨ ᠤᠷᠳᠤ ᠬᠤᠭᠤᠴᠠᠭᠠᠨ ᠤ ᠰᠡᠳᠦᠪ ᠪᠣᠯᠭᠠᠵᠤ᠂ ᠦᠷᠭᠦᠯᠵᠢᠯᠡᠨ ᠠᠩᠬᠠᠷᠴᠤ ᠠᠬᠢᠭᠤᠯᠬᠤ ᠬᠡᠷᠡᠭᠲᠡᠢ︔ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠᠨ ᠰᠢᠯᠢᠳᠡᠭᠵᠢᠭᠦᠯᠬᠦ ᠬᠡᠷᠡᠭᠲᠡᠢ᠃ ᠬᠤᠷᠠᠯ ᠤᠨ ᠳᠠᠷᠠᠭ᠎ᠠ᠂ ᠠᠵᠤ | ᠠᠬᠤᠶ ᠶᠢᠨ ᠠᠮᠢ ᠠᠬᠤᠶ ᠶᠢᠨ ᠵᠥᠪᠯᠡᠯ ᠨᠢ ᠲᠣᠰ ᠤᠳᠠᠭᠠᠨ ᠤ ᠬᠤᠷᠠᠯ ᠳᠡᠭᠡᠷ᠎ᠡ ᠳᠤᠷᠠᠳᠤᠭᠰᠠᠨ ᠰᠠᠨᠠᠯ | ᠰᠠᠨᠠᠭᠤᠯᠭ᠎ᠠ ᠶᠢ ᠨᠠᠷᠢᠨ ᠬᠢᠨᠠᠮᠠᠭᠠᠶ ᠬᠤᠷᠢᠶᠠᠩᠭᠤᠶᠢᠯᠠᠨ ᠳ᠋ᠦᠩᠨᠡᠵᠦ᠂ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ | ᠬᠠᠮᠲᠤ ᠠᠭᠤᠯᠭ᠎ᠠ ᠨᠢ ᠨᠠᠷᠢᠨ ᠪᠣᠳᠠᠲᠠᠶ᠂ ᠠᠰᠠᠭᠤᠳᠠᠯ ᠨᠢ ᠣᠨᠣᠪᠴᠢᠲᠠᠶ᠂ ᠰᠠᠨᠠᠭᠤᠯᠭ᠎ᠠ ᠨᠢ ᠵᠦᠶ ᠵᠣᠬᠢᠰᠲᠠᠶ | ᠵᠥᠪᠳᠡᠯᠴᠡᠭᠰᠡᠨ ᠮᠡᠳᠡᠭᠦᠯᠦᠯᠲᠡ ᠶᠢ ᠪᠦᠷᠢᠯᠳᠦᠭᠦᠯᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠪᠠ | ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ᠂ ᠨᠠᠮ | ᠵᠠᠰᠠᠭ ᠤᠨ ᠰᠢᠨᠵᠢᠯᠡᠬᠦ ᠤᠬᠠᠭᠠᠨᠴᠢ ᠪᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ᠂ ᠲᠥᠷᠥ ᠶᠢᠨ ᠪᠣᠳᠣᠯᠭ᠎ᠠ ᠶᠢ | ᠣᠨᠣᠪᠴᠢᠲᠠᠶ ᠬᠡᠷᠡᠭᠵᠢᠭᠦᠯᠬᠦ ᠳᠤ ᠠᠰᠢᠭᠲᠠᠶ ᠯᠠᠪᠯᠠᠯᠲᠠ ᠬᠠᠩᠭᠠᠬᠤ ᠬᠡᠷᠡᠭᠲᠡᠶ︔ ᠦᠷᠭᠦᠯᠵᠢᠯᠡᠨ ᠠᠩᠬᠠᠷᠤᠯ ᠢᠶᠠᠨ | ᠲᠥᠪᠯᠡᠷᠡᠭᠦᠯᠦᠨ ᠬᠦᠴᠦᠯᠡᠬᠦ ᠬᠡᠷᠡᠭᠲᠡᠶ᠃ ᠪᠠᠶᠢᠩᠭᠤ ᠶᠢᠨ ᠭᠡᠰᠢᠭᠦᠳ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠵᠤ᠂ ᠭᠤᠷᠪᠠᠨ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠬᠤᠯᠪᠣᠭᠠᠯᠠᠨ ᠬᠥᠳᠡᠯᠦᠯᠴᠡᠬᠦ | ᠲᠣᠭᠲᠠᠴᠠ ᠳᠤ ᠲᠦᠰᠢᠭᠯᠡᠨ᠂ ᠭᠤᠣᠯᠳᠠᠯᠭ᠎ᠠ ᠲᠠᠢ ᠢᠨᠵᠧᠨᠧᠷᠢᠩ ᠳᠤ ︽ᠨᠠᠷᠢᠨ ᠲᠠᠩᠰᠠ ᠶᠢᠨ ᠬᠡᠯᠪᠡᠷᠢ︾ ᠳᠤ | ᠬᠢᠨᠠᠯᠲᠠ ᠲᠠᠯᠪᠢᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ᠂ ᠪᠣᠬᠢᠷ ᠤᠰᠤ ᠶᠢ | ᠡᠬᠢ ᠪᠠᠶᠠᠯᠢᠭᠵᠢᠭᠤᠯᠤᠨ ᠠᠰᠢᠭᠯᠠᠬᠤ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ | ᠴᠢᠩᠭᠠᠳᠬᠠᠬᠤ ᠵᠡᠷᠭᠡ ᠰᠡᠳᠦᠪ ᠤᠨ ᠲᠣᠭᠤᠷᠢᠨ ᠳᠤ ᠦᠷᠭᠦᠯᠵᠢᠯᠡᠨ ᠠᠩᠬᠠᠷᠴᠤ᠂ ᠭᠦᠨᠵᠡᠭᠡᠢ ᠪᠠᠶᠢᠴᠠᠭᠠᠨ | ᠰᠤᠳᠤᠯᠤᠯᠲᠠ ᠬᠢᠵᠦ᠂ ᠨᠡᠩ ᠤᠯᠠᠨ ᠬᠡᠷᠡᠭᠵᠢᠭᠦᠯᠵᠦ ᠪᠣᠯᠬᠤᠶᠢᠴᠠ ᠰᠠᠨᠠᠭᠤᠯᠭ᠎ᠠ ᠳᠤᠷᠠᠳᠬᠤ ᠬᠡᠷᠡᠭᠲᠡᠢ᠃ ᠡᠭᠦᠨ ᠤ | ᠬᠠᠮᠲᠤ᠂ ᠪᠤᠰᠤᠳ ᠭᠡᠰᠢᠭᠦᠨ ᠪᠣᠯᠤᠨ ᠨᠡᠶᠢᠭᠡᠮ ᠤᠨ ᠬᠦᠴᠦᠨ ᠢ ᠢᠳᠡᠪᠬᠢᠲᠡᠶ ᠳᠠᠶᠢᠴᠢᠯᠠᠨ ᠣᠷᠣᠯᠴᠠᠭᠤᠯᠵᠤ᠂ ︽ | ᠬᠠᠲᠤᠨ ᠭᠤᠤᠯ ᠤᠨ ᠬᠠᠶᠢᠷᠤᠪ ᠤᠨ ᠲᠣᠬᠤᠶ ᠶᠢᠨ ᠥᠯᠢᠭᠡᠷ︾ ᠢ ᠰᠠᠶᠢᠲᠤᠷ ᠶᠠᠷᠢᠵᠤ᠂ ᠪᠥᠬᠦ ᠠᠷᠠᠳ ᠢᠶᠠᠷ ᠢᠶᠠᠨ | ᠬᠠᠮᠲᠤ ᠪᠠᠷ ᠵᠠᠰᠠᠬᠤ ᠰᠠᠶᠢᠨ ᠰᠠᠶᠢᠬᠠᠨ ᠪᠠᠶᠢᠷᠢᠰᠢᠯ ᠢ ᠪᠣᠶᠪᠤᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃ | |