ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠰᠠᠭᠤᠷᠢ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/26
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠰᠠᠭᠤᠷᠢ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠲᠤᠬᠠᠶ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠵᠠᠩ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠬᠤᠷᠠᠯ ᠢ ᠡᠷᠬᠢᠯᠡᠪᠡ᠃     ᠬᠤᠷᠠᠯ ᠠᠴᠠ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠬᠤ ᠪᠣᠯ ᠰᠤᠷᠭᠠᠭᠤᠯᠢ ᠣᠷᠣᠨ ᠨᠤᠲᠤᠭ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠶᠢᠨ ᠴᠢᠬᠤᠯᠠ ᠦᠷ᠎ᠡ ᠪᠦᠲᠦᠭᠡᠯ ᠪᠣᠯᠬᠤ ᠪᠠᠷ ᠪᠠᠷᠠᠬᠤ ᠦᠭᠡᠢ᠂ ᠨᠡᠩ ᠴᠤ ᠤᠯᠤᠰ ᠤᠨ ᠪᠠᠶᠢᠯᠳᠤᠬᠤ ᠪᠤᠳᠤᠯᠭ᠎ᠠ ᠶᠢ ᠴᠤᠤᠷᠢᠶᠠᠲᠤᠨ ᠲᠠᠭᠠᠬᠤ᠂ ᠰᠤᠷᠭᠠᠨ ᠬᠥᠮᠦᠵᠢᠯ ᠤᠨ ᠤᠬ ᠰᠠᠨᠠᠭ᠎ᠠ ᠶᠢ ᠦᠢᠯᠡᠳᠦᠯᠭᠡᠵᠢᠭᠦᠯᠬᠦ ᠠᠮᠢᠳᠤᠯᠢᠭ ᠦᠢᠯᠡᠳᠦᠯᠭᠡ ᠪᠣᠯᠤᠨ᠎ᠠ᠃     ᠬᠤᠷᠠᠯ ᠠᠴᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠨᠡᠩ ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠪᠠᠭᠰᠢ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠷᠢᠶ᠎ᠠ ᠬᠠᠶᠢᠷᠤᠪ ᠤᠨ ᠲᠤᠬᠤᠢ ᠶᠢᠨ ᠰᠤᠷᠭᠠᠭᠤᠯᠢ ᠳᠤ ᠪᠣᠯᠪᠠᠰᠤᠷᠠᠩᠭᠤᠢ ᠬᠠᠮᠢᠶᠠᠷᠤᠯᠲᠠ ᠶᠢᠨ ᠵᠠᠭᠪᠤᠷ᠂ ᠴᠢᠨᠠᠷ ᠰᠠᠶᠢᠲᠠᠢ ᠬᠢᠴᠢᠶᠡᠯ ᠤᠨ ᠰᠢᠰᠲ᠋ᠧᠮ ᠪᠣᠯᠤᠨ ᠲᠡᠷᠢᠭᠦᠨ ᠤ ᠵᠢᠭᠠᠨ ᠰᠤᠳᠤᠯᠬᠤ ᠦᠷ᠎ᠡ ᠪᠦᠲᠦᠭᠡᠯ ᠢ ᠳᠠᠮᠵᠢᠭᠤᠯᠵᠤ᠂ ᠰᠢᠯᠢᠳᠡᠭ ᠬᠠᠮᠢᠶᠠᠷᠤᠯᠲᠠ ᠶᠢᠨ ᠪᠦᠯᠬᠦᠮ ᠪᠣᠯᠤᠨ ᠭᠤᠣᠯᠯᠠᠭᠴᠢ ᠪᠠᠭᠰᠢ ᠶᠢ ᠰᠣᠩᠭᠤᠨ ᠲᠣᠮᠢᠯᠠᠵᠤ᠂ ᠬᠠᠶᠢᠷᠤᠪ ᠤᠨ ᠲᠤᠬᠤᠢ ᠲᠣᠭᠤᠷᠢᠭ ᠲᠠᠢ ᠬᠠᠮᠲᠤ ᠪᠠᠷ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢᠶᠠᠷ ᠨᠡᠩ ᠤᠯᠠᠨ ᠠᠷᠠᠳ ᠲᠦᠮᠡᠨ ᠳᠤ ᠠᠰᠢᠭ ᠬᠦᠷᠲᠡᠭᠡᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠤ᠂ ︽ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ︾ ᠡᠨᠡᠬᠦ ᠤᠢᠢᠯᠠᠭᠠᠭᠳᠠᠬᠤᠨ ᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠣᠷᠣᠨ ᠪᠦᠰᠡ ᠶᠢ ︽ᠪᠦᠬᠦᠨ ᠢ ᠬᠠᠮᠤᠷᠬᠤ︾᠎ ᠶᠢ ᠪᠡᠶᠡᠯᠡᠭᠦᠯᠵᠦ᠂ ︽ᠲᠤᠭᠤᠷᠢᠭ ᠎ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ︽ᠪᠠᠭᠰᠢ ᠡᠭᠡᠯᠵᠢᠯᠡᠨ ᠰᠣᠯᠢᠯᠴᠠᠬᠤ︾ ᠥᠭᠡᠷᠡᠴᠢᠯᠡᠯᠲᠡ ᠶᠢ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠥᠷᠨᠢᠩᠭᠦᠢ ᠬᠥᠭᠵᠢᠯᠲᠡ ᠳᠤ ᠲᠠᠰᠤᠷᠠᠯᠲᠠ ᠦᠭᠡᠢ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃     ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠬᠠᠨ ᠸᠧᠶ᠂ ᠦᠬᠠᠶ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠵᠢᠶ ᠫᠢᠩ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠤᠲᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠥᠬᠦᠶ ᠤᠳᠤᠷᠢᠳᠤᠯᠭ᠎ᠠ ᠲᠣᠰ ᠤᠳᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号