ᠬᠠᠶᠢᠷᠤᠪ ᠤᠨ ᠲᠤᠬᠤᠢ ᠲᠣᠭᠤᠷᠢᠭ ᠤᠨ 2025 ᠣᠨ ᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯ ᠤᠨ ᠡᠮᠬᠢᠳᠬᠡᠯ
ᠨᠡᠶᠢᠲᠡᠯᠡᠭᠰᠡᠨ ᠴᠠᠭ᠄
2025/5/26
    2025 ᠣᠨ ᠳᠤ ᠪᠥᠬᠦ ᠬᠤᠲᠠ ᠶᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠢᠴᠢ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾᠎ ᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠤᠬᠠᠭᠤᠯᠬᠤ ᠰᠢᠷᠢᠰ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠲᠣᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠮᠲᠤ ᠶᠢᠨ ᠤᠬᠠᠮᠰᠠᠷ᠂ ᠡᠵᠡᠨ ᠬᠥᠮᠦᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠶ ᠣᠷᠣᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠤᠬᠠᠮᠰᠠᠷ ᠠᠴᠠ ᠪᠠᠨ ᠠᠭᠤᠰᠤᠯᠴᠠᠭᠤᠯᠪᠠ᠃       ᠰᠢᠨᠬᠤᠸᠠ ᠪᠠᠷᠠᠭᠤᠨ ᠵᠡᠭᠡᠯᠢ ᠭᠤᠳᠤᠮᠵᠢ     ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠱᠧᠩ ᠱᠢ ᠨᠡᠶᠢᠭᠡᠮ ᠲᠣᠭᠤᠷᠢᠭ ᠢᠳᠡᠪᠬᠢᠲᠡᠶ ᠬᠥᠳᠡᠯᠦᠯᠴᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠎ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠠᠭᠤᠭᠠᠯᠢ ᠠᠷᠠᠳ ᠤᠨ ᠳᠡᠷᠭᠡᠳᠡ ᠬᠦᠷᠭᠡᠪᠡ᠃    5 ᠰᠠᠷ᠎ᠠ ᠶᠢᠨ 19᠎ ᠤ ᠡᠳᠦᠷ᠂ ᠰᠢᠨᠬᠤᠸᠠ ᠪᠠᠷᠠᠭᠤᠨ ᠵᠡᠭᠡᠯᠢ ᠭᠤᠳᠤᠮᠵᠢ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ︾᠎ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠴᠢ ᠬᠠᠮᠢᠶ᠎ᠠ ᠪᠥᠬᠦᠶ ᠠᠵᠢᠯᠲᠠᠳ ᠬᠤᠷᠠᠯ ᠳᠤ ᠣᠷᠣᠯᠴᠠᠵᠠᠶ᠃   5 ᠰᠠᠷ᠎ᠠ ᠶᠢᠨ 20᠎ ᠤ ᠡᠳᠦᠷ᠂ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠢᠨ ᠰᠢᠨᠬᠤᠸᠠ ᠨᠡᠶᠢᠭᠡᠮ ᠲᠣᠭᠤᠷᠢᠭ ᠲᠠᠢ ᠬᠠᠮᠲᠤᠷᠠᠨ ︽ᠠᠨᠠᠷ ᠤᠨ ᠴᠡᠴᠡᠭ ᠭᠠᠵᠠᠷ ᠰᠠᠢ ᠦᠭᠡᠢ ᠳᠡᠯᠭᠡᠷᠡᠵᠦ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠠᠵᠢᠯᠯᠠᠭ᠎ᠠ ᠥᠷᠨᠢᠭᠦᠯᠪᠡ᠃ ᠦᠬᠠᠶ ᠬᠤᠲᠠ ᠶᠢᠨ ︽ᠲᠠᠪᠤᠨ ᠠᠬᠠᠮᠠᠳ ︾᠎ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ᠂ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ︽ᠤᠯᠠᠭᠠᠨ ᠠᠨᠠᠷ︾᠎ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠭᠤᠤ ᠦ᠋ ᠬᠤᠩ᠂ ᠦ᠋ ᠮᠧᠩ ᠵᠢᠤᠸᠠᠨ ᠢ ᠲᠤᠰᠬᠠᠶᠢᠯᠠᠨ ᠤᠷᠢᠵᠤ ᠤᠬᠠᠭᠤᠯᠤᠨ ᠲᠠᠶᠢᠯᠪᠤᠷᠢᠯᠠᠵᠤ᠂ ᠮᠠᠰᠢ ᠣᠯᠠᠨ ᠬᠠᠷᠢᠶᠠᠲᠤ ᠣᠷᠣᠨ ᠤ ᠰᠠᠭᠤᠭᠠᠯᠢ ᠠᠷᠠᠳ ᠣᠯᠠᠨ ᠢᠳᠡᠪᠬᠢᠲᠡᠶ ᠤᠷᠤᠯᠴᠠᠪᠠ᠃     ᠬᠠᠶᠢᠪᠸᠢ ᠵᠡᠭᠡᠯᠢ ᠭᠤᠳᠤᠮᠵᠢ   ᠵᠢᠶᠠ ᠶᠤᠸᠠᠨ ᠨᠡᠶᠢᠭᠡᠮ ᠲᠣᠭᠤᠷᠢᠭ ᠲᠠᠪᠤᠨ ᠰᠠᠷ᠎ᠠ ᠶᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾᠎ ᠢ ᠭᠦᠢᠴᠡᠤᠡ ᠠᠰᠢᠭᠯᠠᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠡᠳᠦᠷ ᠤᠨ ᠬᠦᠴᠦᠨ ᠤ ᠵᠠᠬ᠎ᠠ ᠳᠡᠯᠭᠡᠭᠦᠷ   ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠤᠶᠢᠲᠤ ᠬᠡᠰᠡᠭ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠲᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ ᠭᠤᠤᠯ ᠰᠡᠳᠦᠪᠳᠦ 2025 ᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠡᠷᠭᠢᠯᠡᠪᠡ᠃    ᠴᠡᠭᠡᠯ ᠠᠭᠤᠯᠠ ᠪᠠᠯᠭᠠᠰᠤ    ᠨᠠᠮ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠣᠰᠬᠤᠨ ᠤ ᠠᠷᠠᠳ ᠤᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠴᠢᠩᠭᠠᠳᠬᠠᠵᠤ᠂ ᠲᠤᠸᠠᠨ ᠵᠢᠶᠧ ᠰᠢᠨ᠎ᠡ ᠲᠣᠰᠬᠤᠨ ᠤ ᠡᠶ᠎ᠡ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠲᠤᠸᠠᠨ ᠵᠢᠶᠧ ᠰᠢᠨ᠎ᠡ ᠲᠣᠰᠬᠤᠨ ᠪᠣᠯᠤᠨ ᠬᠠᠶᠢᠷᠤᠪ ᠤᠨ ᠲᠣᠬᠤᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠬᠠᠮᠲᠤᠷᠠᠨ ︽ᠦᠨᠳᠦᠰᠦᠲᠡᠨ ᠤ ᠲᠥᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠭᠤᠤᠯ ᠰᠡᠳᠦᠪᠲᠦ ᠠᠵᠢᠯᠯᠠᠭ᠎ᠠ ᠡᠷᠬᠢᠯᠡᠵᠦ᠂ ᠮᠠᠰᠢ ᠣᠯᠠᠨ ᠲᠣᠰᠬᠤᠨ ᠤ ᠠᠷᠠᠳ ᠤᠨ ᠠᠩᠬᠠᠷᠤᠯ ᠢ ᠲᠠᠲᠠᠪᠠ᠃     ᠰᠢᠨᠬᠤᠸᠠ ᠵᠡᠭᠡᠯᠢ ᠭᠤᠳᠤᠮᠵᠢ    ᠣᠶᠢᠷ᠎ᠠ ᠳᠤ᠂ ᠺᠠᠩ ᠯᠧ ᠨᠡᠶᠢᠭᠡᠮ ᠲᠣᠭᠤᠷᠢᠭ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠣᠯᠠᠨ ᠶᠠᠩᠵᠤ ᠶᠢᠨ ᠬᠡᠯᠪᠡᠷᠢ ᠪᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ᠂ ᠡᠶ᠎ᠡ ᠵᠣᠬᠢᠴᠠᠯ ᠲᠠᠢ ᠬᠠᠮᠲᠤ ᠪᠠᠷ ᠠᠭᠤᠰᠤᠯᠴᠠᠭᠰᠠᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃  ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠵᠦ᠂ ᠲᠥᠷᠥ ᠶᠢᠨ ᠪᠣᠳᠣᠯᠭ᠎ᠠ ᠶᠢᠨ ᠬᠠᠯᠠᠭᠤᠨ ᠳᠤᠯᠠᠭᠠᠨ ᠢ ᠳᠠᠮᠵᠢᠭᠤᠯᠪᠠ᠃ ᠺᠠᠩ ᠯᠧ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠰᠠᠭᠤᠭᠠᠯᠢ ᠠᠷᠠᠳ ᠤᠨ ᠬᠡᠷ ᠲᠤ ᠬᠦᠷᠴᠦ᠂ ᠰᠠᠭᠤᠭᠠᠯᠢ ᠠᠷᠠᠳ ᠲᠠᠢ ᠨᠢᠭᠤᠷᠳᠠᠨ ᠶᠠᠷᠢᠯᠴᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠠᠭᠤᠭᠠᠯᠢ ᠠᠷᠠᠳ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠰᠣᠶᠣᠯ ᠵᠡᠷᠭᠡ ᠲᠠᠯ᠎ᠠ ᠶᠢᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠪᠠ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠠᠮᠢᠳᠤᠷᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠶᠠᠷᠢᠵᠤ᠂ ᠰᠠᠭᠤᠭᠠᠯᠢ ᠠᠷᠠᠳ ᠲᠤ ᠦᠨᠳᠦᠰᠦᠲᠡᠨ ᠨᠦᠭᠦᠳ ᠤᠨ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠨᠢᠭᠲᠠᠷᠠᠬᠤ ᠴᠢᠬᠤᠯᠠ ᠴᠢᠨᠠᠷ ᠢ ᠭᠦᠨᠵᠡᠭᠡᠶ ᠮᠡᠳᠡᠷᠡᠭᠦᠯᠪᠡ᠃ ᠲᠣᠰ ᠤᠳᠠᠭᠠᠨ ᠤ ᠡᠷᠦᠬᠡ ᠳᠤ ᠬᠦᠷᠴᠦ ᠤᠬᠠᠭᠤᠯᠭ᠎ᠠ ᠨᠢ ᠰᠠᠭᠤᠭᠠᠯᠢ ᠠᠷᠠᠳ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠦᠭ ᠲᠦᠮᠡᠨ ᠠᠶᠢᠯ ᠡᠷᠦᠬᠡ ᠳᠤ ᠣᠷᠣᠭᠤᠯᠪᠠ᠃    ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠲᠤ ᠴᠤᠭᠴᠠᠯᠠᠪᠠ᠃ ᠺᠠᠩ ᠯᠧ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠦᠸᠧ ᠠᠢ ᠫᠢᠩ ᠨᠡᠶᠢᠭᠡᠮ ᠲᠣᠭᠤᠷᠢᠭ ᠤᠨ ᠪᠦᠬᠦ ᠠᠵᠢᠯᠲᠠᠳ ᠢ ᠵᠣᠬᠢᠶᠠᠨ ᠪᠠᠶᠢᠭᠤᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠥᠷᠨᠢᠭᠦᠯᠪᠡ᠃    ᠯᠢᠨ ᠶᠢᠨ ᠵᠡᠭᠡᠯᠢ ᠭᠤᠳᠤᠮᠵᠢ    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠠᠷᠢᠶᠠᠲᠤ ᠣᠷᠣᠨ ᠤ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠯᠢᠨ ᠶᠢᠨ ᠵᠡᠭᠡᠯᠢ ᠭᠤᠳᠤᠮᠵᠢ ᠶᠢᠨ ᠢ ᠯᠢᠨ ᠨᠡᠶᠢᠭᠡᠮ ᠲᠣᠭᠤᠷᠢᠭ ︽ᠪᠦᠯᠬᠦᠮᠳᠡᠯ ᠤᠨ ᠠᠶᠠᠰ ᠢ ᠬᠠᠮᠲᠤ ᠪᠠᠷ ᠬᠥᠭᠵᠢᠮᠳᠡᠵᠦ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠶᠣᠯ ᠤᠨ ᠬᠠᠮᠲᠤᠷᠠᠭᠰᠠᠨ ᠲᠣᠭᠯᠠᠯᠲᠠ᠂ ᠥᠯᠢᠭᠡᠷ ᠳᠠᠮᠵᠢᠭᠤᠯᠬᠤ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠣᠯᠠᠨ ᠡᠰᠢᠲᠦ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠪᠠ᠃    ᠹᠧᠩ ᠬᠤᠸᠠᠩ ᠯᠢᠩ ᠵᠡᠭᠡᠯᠢ ᠭᠤᠳᠤᠮᠵᠢ    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 15᠎ ᠤ ᠡᠳᠦᠷ᠂ ᠰᠢᠨ ᠴᠸᠡᠭ ᠨᠡᠶᠢᠭᠡᠮ ᠲᠣᠭᠤᠷᠢᠭ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠭᠤᠤᠯ ᠰᠡᠳᠦᠪᠲᠦ ᠠᠵᠢᠯᠯᠠᠭ᠎ᠠ ᠦᠷᠨᠢᠭᠦᠯᠪᠡ᠃  ᠢᠷᠡᠯᠲᠡ᠄ ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ     
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号