ᠴᠢᠳᠠᠪᠤᠷᠢᠲᠠᠨ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠵᠦ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠰᠤᠷᠭᠠᠭᠤᠯᠢ ᠬᠢᠭᠡᠳ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢᠨ ᠪᠠᠬᠢᠯᠡᠯᠲᠡ ᠶᠢ ᠡᠪᠳᠡᠵᠦ᠂ ᠮᠡᠳᠡᠯᠭᠡ᠂ | ᠮᠡᠷᠭᠡᠵᠢᠯ᠂ ᠴᠢᠳᠠᠪᠤᠷᠢᠲᠠᠨ ᠪᠠ ᠡᠬᠢ ᠪᠠᠶᠠᠯᠢᠭ ᠤᠨ ᠬᠤᠤᠰ ᠴᠢᠭᠯᠡᠯ ᠢᠶᠠᠷ ᠰᠢᠯᠵᠢᠬᠦ ᠶᠢ ᠪᠡᠶᠡᠯᠡᠭᠦᠯᠬᠦ ᠶᠢᠨ ᠲᠥᠯᠥᠭᠡ᠂ | ᠬᠠᠶᠢᠷᠤᠪ ᠤᠨ ᠲᠣᠬᠤᠶ ᠲᠣᠭᠤᠷᠢᠭ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠶᠢ ᠶᠡᠬᠡᠪᠡᠷ ᠬᠡᠷᠡᠭᠵᠢᠭᠦᠯᠵᠦ᠂ | ᠣᠶᠢᠷ᠎ᠠ ᠳᠤ᠂ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠬᠢᠭᠡᠳ ᠲᠤᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠠᠵᠢᠯ | ᠣᠯᠭᠤᠯᠲᠠ ᠶᠢᠨ ᠤᠶᠢᠯᠡᠴᠢᠯᠡᠭᠡᠨ ᠤ ᠲᠥᠪ ᠂ ᠥᠪᠥᠷ ᠮᠣᠩᠭᠤᠯ ᠤᠨ ᠠᠵᠤ ᠤᠶᠢᠯᠡᠤᠡᠪᠤᠷᠢ ᠶᠢᠨ ᠶᠡᠭᠡ | ᠰᠤᠷᠭᠠᠭᠤᠯᠢ ᠲᠠᠢ ᠬᠠᠮᠲᠤᠷᠠᠨ ᠠᠵᠤ ᠠᠬᠤᠶᠢᠯᠠᠯ ᠤᠨ ᠲᠤᠰᠬᠠᠶ ᠠᠵᠢᠯᠲᠠᠨ ᠡᠯᠰᠡᠬᠦ ᠴᠤᠭᠯᠠᠭᠠᠨ ᠡᠷᠭᠢᠯᠡᠪᠡ᠃ | ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠠᠵᠤ ᠠᠬᠤᠶᠢᠯᠠᠯ ᠤᠨ ᠴᠢᠳᠠᠪᠤᠷᠢᠲᠠᠨ ᠢ | ᠲᠠᠲᠠᠬᠤ ᠳᠤ ᠬᠦᠴᠦᠨ ᠨᠡᠮᠡᠷᠢᠯᠡᠪᠡ | ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ︽ᠤᠨᠢᠨ ᠳᠡᠭᠡᠷ᠎ᠡ ᠨᠢ ᠵᠣᠯᠭᠠᠭᠤᠯᠬᠤ᠂ ᠲᠠᠪᠴᠠᠩ ᠪᠠᠶᠢᠭᠤᠯᠬᠤ᠂ ᠬᠠᠮᠲᠤᠪᠠᠷ | ᠠᠭᠤᠰᠤᠯᠴᠠᠬᠤ ᠶᠢ ᠭᠦᠨᠵᠡᠭᠡᠶᠢᠷᠡᠭᠦᠯᠬᠦ︾ ᠭᠤᠷᠪᠠᠨ ᠲᠠᠯ᠎ᠠ ᠶᠢᠨ ᠲᠣᠭᠤᠷᠢᠨ ᠳᠤ ᠬᠠᠷᠠᠯᠲᠠ ᠲᠠᠢ ᠪᠠᠷ ᠬᠦᠴᠦᠯᠡᠵᠦ᠂ | ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ ᠡᠮᠦᠨᠡᠬᠢ ᠬᠤᠭᠤᠴᠠᠭᠠᠨ ᠳᠤ | ᠬᠠᠷᠢᠶᠠᠲᠤ ᠣᠷᠣᠨ ᠤ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ᠂ ᠬᠢᠮᠢ ᠶᠢᠨ ᠠᠵᠤ ᠦᠢᠯᠡᠳᠪᠦᠷᠢ᠂ | ᠮᠠᠰᠢᠨ ᠴᠠᠬᠢᠯᠭᠠᠨ᠂ ᠮᠧᠬᠠᠨᠢᠭ᠂ ᠨᠡᠭᠦᠷᠡᠰᠦ᠂ ᠰᠢᠨ᠎ᠡ ᠡᠨᠧᠷᠭᠢ ᠵᠡᠷᠭᠡ ᠣᠯᠠᠨ ᠲᠤᠰᠬᠠᠶ ᠮᠡᠷᠭᠡᠵᠢᠯ ᠤᠨ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠦᠨ᠂ ᠬᠥᠮᠦᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ | ᠪᠠᠶᠢᠭᠤᠯᠵᠤ᠂ 647 ᠠᠵᠢᠯ ᠤᠨ ᠪᠠᠶᠢᠷᠢ ᠶᠢ ᠡᠮᠬᠢᠯᠡᠨ ᠳᠢᠭᠯᠡᠪᠡ᠃ ᠡᠭᠦᠨ ᠤ ᠬᠠᠮᠲᠤ ᠠᠵᠤ ᠦᠢᠯᠡᠳᠪᠦᠷᠢ ᠶᠢᠨ | ᠶᠡᠭᠡ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠣᠯᠭᠤᠯᠲᠠ ᠶᠢᠨ ᠭᠠᠵᠠᠷ ᠲᠠᠢ ᠢᠳᠡᠪᠬᠢᠲᠡᠢ ᠵᠣᠯᠭᠠᠭᠤᠯᠵᠤ᠂ | ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠤᠯᠲᠠ ᠶᠢᠨ ᠪᠠᠶᠢᠳᠠᠯ ᠢ | ᠪᠦᠬᠦ ᠲᠠᠯ᠎ᠠ ᠪᠠᠷ ᠣᠶᠢᠯᠠᠭᠠᠵᠤ᠂ ᠠᠵᠢᠯ ᠤᠨ ᠪᠠᠶᠢᠷᠢ ᠶᠢᠨ ᠬᠡᠷᠡᠭᠴᠡᠭᠡ ᠪᠣᠯᠣᠨ ᠠᠵᠢᠯ ᠣᠯᠬᠤ ᠬᠡᠷᠡᠭᠴᠡᠭᠡ | ᠱᠠᠭᠠᠷᠳᠠᠯᠭ᠎ᠠ ᠶᠢ ᠵᠡᠷᠭᠡᠪᠡᠷ ᠬᠡᠷᠡᠭᠵᠢᠭᠦᠯᠬᠦ ᠶᠢ ᠠᠬᠢᠭᠤᠯᠵᠤ᠂ ᠰᠤᠷᠤᠭᠴᠢ ᠬᠢᠭᠡᠳ ᠠᠵᠤ ᠠᠬᠤᠶᠢᠯᠠᠯ ᠤᠨ ᠬᠤᠣᠰ | ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠡᠶᠡᠯᠡᠭᠦᠯᠦᠨ᠎ᠡ᠃ | | ᠬᠤᠣᠰ ᠴᠢᠭᠯᠡᠯᠲᠦ ᠲᠠᠪᠴᠠᠩ ᠪᠠᠶᠢᠭᠤᠯᠵᠤ᠂ ᠬᠦᠴᠦᠨ ᠢᠶᠠᠨ ᠨᠢᠭᠲᠠᠷᠠᠭᠤᠯᠤᠨ ᠴᠢᠳᠠᠪᠤᠷᠢᠲᠠᠨ ᠢ ᠲᠠᠲᠠᠨ | ᠠᠪᠴᠢᠷᠠᠨ᠎ᠠ | ᠲᠣᠰ ᠤᠳᠠᠭᠠᠨ ᠤ ᠠᠵᠢᠯᠯᠠᠭ᠎ᠠ ᠳᠤ ︽ᠰᠢᠭᠤᠳ ᠨᠡᠪᠲᠡᠷᠡᠭᠦᠯᠭᠡ + ᠲᠤᠬᠠᠶ ᠶᠢᠨ ᠲᠠᠯᠠᠪᠤᠷ︾ ᠤᠨ | ᠰᠦᠯᠵᠢᠶᠡᠨ ᠭᠠᠳᠠᠨᠠᠬᠢ ᠬᠤᠤᠰ ᠴᠢᠭᠯᠡᠯᠲᠦ ᠲᠠᠪᠴᠠᠩ ᠢ ᠬᠡᠷᠡᠭᠯᠡᠨ ᠥᠷᠨᠢᠭᠦᠯᠵᠦ᠂ ᠰᠦᠯᠵᠢᠶᠡᠨ ᠭᠠᠳᠠᠨ᠎ᠠ | ᠲᠤᠬᠠᠶ ᠶᠢᠨ ᠲᠠᠯᠠᠪᠤᠷ ᠲᠤ ᠠᠵᠢᠯᠲᠠᠨ ᠡᠯᠰᠡᠵᠦ᠂ ᠰᠤᠷᠤᠭᠴᠢᠳ ᠲᠤ ᠴᠢᠳᠠᠪᠤᠷᠢᠲᠠᠨ ᠤᠷᠢᠬᠤ ᠲᠥᠷᠥ ᠶᠢᠨ | ᠪᠣᠳᠣᠯᠭ᠎ᠠ᠂ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ᠂ ᠠᠵᠤ ᠠᠬᠤᠶᠢᠯᠠᠯ ᠤᠨ ᠠᠬᠤᠶ ᠪᠠᠶᠢᠳᠠᠯ ᠤᠨ | ᠮᠠᠲ᠋ᠧᠷᠢᠶᠠᠯ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠠᠷᠠᠭᠠᠯᠵᠠᠯ ᠵᠡᠷᠭᠡ ︽ᠨᠠᠷᠢᠨ ᠲᠠᠩᠰᠠ ᠶᠢᠨ ᠬᠡᠯᠪᠡᠷᠢ︾ | ᠶᠢᠨ ᠲᠣᠪᠴᠢ ᠲᠠᠨᠢᠯᠴᠠᠭᠤᠯᠭ᠎ᠠ ᠬᠠᠩᠭᠠᠪᠠ᠃ ᠰᠦᠯᠵᠢᠶᠡᠨ ᠳᠡᠭᠡᠷ᠎ᠡ ︽ᠡᠭᠦᠯᠡᠨ ᠬᠦᠷᠭᠡᠯᠲᠡ︾ ᠶᠢᠨ ᠲᠠᠪᠴᠠᠩ ᠢ | ᠪᠠᠶᠢᠭᠤᠯᠵᠤ᠂ ︽ᠦᠬᠠᠶ ᠶᠢᠨ ᠠᠵᠢᠯ ᠣᠯᠭᠤᠯᠲᠠ︾ ᠶᠢᠨ ᠴᠤᠤᠷᠢᠶ᠎ᠠ ᠪᠠ ᠸᠢᠳᠢᠣ᠋ ᠳ᠋ᠤᠭᠠᠷ ᠲᠤ ᠲᠦᠰᠢᠭᠯᠡᠨ ᠪᠥᠬᠦ | ᠶᠠᠪᠤᠴᠠ ᠳᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠠᠵᠢᠯᠯᠠᠭ᠎ᠠ ᠶᠢ ᠵᠡᠷᠭᠡᠪᠡᠷ | ᠥᠷᠨᠢᠭᠦᠯᠵᠦ᠂ ᠰᠢᠭᠤᠳ ᠨᠡᠪ᠊ ᠳ᠋ᠡᠷᠡᠭᠦᠯᠬᠦ ᠬᠤᠭᠤᠴᠠᠭᠠᠨ ᠳᠤ ᠨᠡᠶᠢᠲᠡ 9010 ᠬᠥᠮᠦᠨ ᠤᠳᠠᠭ᠎ᠠ ᠦᠵᠡᠵᠦ᠂ | 7453 ᠬᠥᠮᠦᠨ ᠤᠳᠠᠭ᠎ᠠ ᠮᠠᠭᠲᠠᠨ ᠰᠠᠶᠢᠰᠢᠶᠠᠵᠤ᠂ ᠠᠩᠬ᠎ᠠ ᠠᠯᠬᠤᠮ ᠤᠨ ᠠᠵᠢᠯ ᠣᠯᠭᠤᠯᠲᠠ ᠶᠢᠨ ᠰᠠᠨᠠᠮᠵᠢ ᠶᠢ | 586 ᠬᠥᠮᠦᠨ ᠤᠳᠠᠭ᠎ᠠ ᠲᠣᠭᠲᠠᠭᠠᠪᠠ᠃ | | ᠦᠢᠯᠡᠴᠢᠯᠡᠭᠡ ᠪᠠᠷ ᠮᠥᠷᠳᠡᠨ ᠳᠠᠭᠠᠬᠤ ᠶᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠠᠯ ᠤᠨ | ᠠᠭᠤᠰᠤᠯᠴᠠᠯ ᠢ ᠭᠦᠨᠵᠡᠭᠡᠶᠢᠷᠡᠭᠦᠯᠦᠨ᠎ᠡ | ᠠᠵᠤ ᠠᠬᠤᠶᠢᠯᠠᠯ ᠪᠠ ᠴᠢᠳᠠᠪᠤᠷᠢᠳᠠᠨ ᠳᠤ ᠦᠢᠯᠡᠴᠢᠯᠡᠬᠦ ᠪᠠᠷ ᠭᠤᠤᠯ ᠪᠤᠯᠭᠠᠨ᠂ ᠰᠤᠷᠭᠠᠭᠤᠯᠢ ᠠᠵᠤ | ᠠᠬᠤᠶᠢᠯᠠᠯ ᠤᠨ ᠬᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠵᠠᠰᠠᠭ ᠤᠨ ᠣᠷᠳᠣᠨ ᠠᠴᠠ ᠰᠤᠷᠭᠠᠭᠤᠯᠢ ᠪᠠ ᠠᠵᠤ | ᠠᠬᠤᠶᠢᠯᠠᠯ ᠳᠤ ᠦᠢᠯᠡᠴᠢᠯᠡᠬᠦ ᠶᠢ ᠴᠢᠬᠤᠯᠠᠴᠢᠯᠠᠵᠤ᠂ ᠠᠵᠤ ᠠᠬᠤᠶᠢᠯᠠᠯ ᠤᠨ ᠬᠥᠮᠦᠨ ᠬᠡᠷᠡᠭᠯᠡᠬᠦ ᠬᠠᠨᠳᠤᠯᠭᠠᠲᠤ | ᠬᠡᠷᠡᠭᠴᠡᠭᠡ ᠶᠢᠨ ᠨᠠᠷᠢᠨ ᠲᠠᠩᠰᠠ ᠶᠢ ᠪᠠᠶᠢᠭᠤᠯᠵᠤ᠂ ︽ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠠᠵᠤ | ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ︾ ᠵᠠᠷᠴᠢᠮ ᠢ ᠪᠠᠷᠢᠮᠲᠠᠯᠠᠵᠤ᠂ ᠠᠵᠤ ᠠᠬᠤᠶᠢᠯᠠᠯ ᠪᠠ ᠶᠡᠭᠡ | ᠳᠡᠭᠡᠳᠦ ᠰᠤᠷᠭᠠᠭᠤᠯᠢ ᠳᠤ ᠪᠠᠶᠢᠩᠭᠤ ᠶᠢᠨ ᠬᠠᠮᠲᠤᠷᠠᠯᠴᠠᠭᠠᠨ ᠤ ᠬᠥᠭᠦᠷᠭᠡ ᠪᠠᠶᠢᠭᠤᠯᠵᠤ᠂ ᠠᠵᠤ ᠠᠬᠤᠶᠢᠯᠠᠯ ᠤᠨ | ᠠᠵᠢᠯ ᠤᠨ ᠪᠠᠶᠢᠷᠢ ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ᠂ ᠶᠡᠭᠡ ᠳᠡᠭᠡᠳᠦ ᠰᠤᠷᠭᠠᠭᠤᠯᠢ ᠯᠤᠭ᠎ᠠ ᠴᠠᠭ | ᠲᠤᠬᠠᠶ ᠳᠤ ᠨᠢ ᠵᠣᠯᠭᠠᠭᠤᠯᠵᠤ᠂ ᠲᠡᠭᠦᠰᠬᠦ ᠤᠶᠤᠲᠠᠳ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠳᠤ ᠣᠷᠣᠵᠤ | ᠰᠤᠷᠤᠯᠴᠠᠭᠤᠯᠤᠨ ᠦᠢᠯᠡᠳᠦᠯᠭᠡᠵᠢᠭᠦᠯᠦᠨ ᠪᠣᠯᠪᠠᠰᠤᠷᠠᠭᠤᠯᠵᠤ᠂ ᠴᠢᠳᠠᠪᠤᠷᠢᠲᠠᠨ ᠳᠤ ᠬᠠᠶᠢᠷᠤᠪ ᠤᠨ ᠲᠣᠬᠤᠶ | ᠲᠣᠭᠤᠷᠢᠭ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠮᠡᠳᠡᠷᠡᠭᠦᠯᠵᠦ᠂ ᠣᠷᠣᠨ ᠪᠦᠰᠡ ᠳᠠᠬᠢ ᠮᠡᠳᠡᠷᠡᠮᠵᠢ ᠪᠠ | ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠪᠡ᠃ | | ᠬᠠᠶᠢᠷᠤᠪ ᠤᠨ ᠲᠤᠬᠤᠢ ᠲᠣᠭᠤᠷᠢᠭ ᠤᠨ ᠬᠢᠨ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠠᠯ᠎ᠠ ᠠᠴᠠ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ᠃ ᠨᠢᠭᠡ ᠲᠠᠯ᠎ᠠ ᠪᠠᠷ ᠦᠢᠯᠡᠳᠦᠯᠭᠡ ᠶᠢᠨ | ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠤᠶᠤᠲᠠᠳ ᠤᠨ ᠲᠤᠰᠬᠠᠶ ᠮᠡᠷᠭᠡᠵᠢᠯ ᠤᠨ ᠦᠢᠯᠡᠳᠦᠯᠭᠡ ᠶᠢᠨ | ᠴᠢᠳᠠᠪᠤᠷᠢ ᠶᠢ ᠨᠠᠷᠢᠯᠢᠭ ᠣᠨᠣᠴᠠᠲᠠᠶ ᠪᠠᠷ ᠳᠡᠭᠡᠭᠰᠢᠯᠡᠭᠦᠯᠵᠦ᠂ ᠲᠡᠳᠡᠨ ᠤ ᠠᠵᠢᠯ ᠮᠡᠷᠭᠡᠵᠢᠯ ᠤᠨ ᠬᠥᠭᠵᠢᠯᠲᠡ ᠳᠤ | ᠰᠠᠭᠤᠷᠢ ᠶᠢ ᠪᠠᠬᠢᠵᠢᠭᠦᠯᠦᠨ᠎ᠡ︔ ᠨᠥᠭᠦᠭᠡ ᠲᠠᠯ᠎ᠠ ᠪᠠᠷ ᠠᠵᠤ ᠠᠬᠤᠶᠢᠯᠠᠯ ᠳᠤ ᠰᠢᠯᠢᠳᠡᠭ ᠴᠢᠳᠠᠪᠤᠷᠢᠲᠠᠨ ᠢ | ᠬᠠᠨᠳᠤᠯᠭ᠎ᠠ ᠲᠠᠢ ᠪᠠᠷ ᠠᠭᠤᠳᠠᠯᠤᠨ ᠨᠥᠭᠡᠴᠡᠯᠡᠵᠦ᠂ ︽ᠴᠢᠳᠠᠪᠤᠷᠢᠲᠠᠨ ᠠᠵᠤ ᠠᠬᠤᠶᠢᠯᠠᠯ ᠢ ᠬᠠᠪᠰᠤᠷᠤᠨ | ᠬᠥᠭᠵᠢᠯᠲᠡ ᠶᠢ ᠬᠦᠴᠦᠷᠬᠡᠭᠵᠢᠭᠦᠯᠵᠦ᠂ ᠠᠵᠤ ᠠᠬᠤᠶᠢᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ | ᠰᠢᠨ᠎ᠡ ᠶᠢ ᠡᠭᠦᠳᠬᠦ ᠶᠢ ᠠᠬᠢᠭᠤᠯᠬᠤ︾ ᠬᠤᠤᠰ ᠴᠢᠭᠯᠡᠯᠲᠦ ᠰᠠᠶᠢᠨ ᠣᠷᠴᠢᠯ ᠤᠨ ᠲᠣᠭᠲᠠᠴᠠ ᠶᠢ ᠪᠠᠶᠢᠭᠤᠯᠵᠤ᠂ | ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠬᠠᠮᠵᠢᠯᠴᠠᠨ ᠬᠥᠭᠵᠢᠬᠦ ᠳᠤᠮᠳᠠ | ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠠᠬᠢᠭᠤᠯᠤᠨ᠎ᠠ᠃ | |