5 ᠰᠠᠷ᠎ᠠ ᠶᠢᠨ 27 ᠤ ᠡᠳᠦᠷ᠂ ᠬᠠᠶᠢᠷᠤᠪ ᠤᠨ ᠲᠤᠬᠤᠢ ᠲᠣᠭᠤᠷᠢᠭ 2025 ᠣᠨ ᠤ ᠶᠡᠭᠡ ᠳᠡᠭᠡᠳᠦ | ᠰᠤᠷᠭᠠᠭᠤᠯᠢ ᠶᠢᠨ ᠰᠢᠯᠭᠠᠯᠲᠠ᠂ ᠰᠤᠷᠤᠯᠭ᠎ᠠ ᠶᠢᠨ ᠰᠢᠯᠭᠠᠯᠲᠠ᠂ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ | ᠶᠠᠪᠤᠳᠠᠯ ᠤᠨ ᠠᠵᠢᠯ ᠤᠨ ᠬᠠᠮᠲᠤᠷᠠᠭᠰᠠᠨ ᠬᠤᠷᠠᠯ᠂ ᠬᠠᠶᠢᠷᠤᠪ ᠤᠨ ᠲᠤᠬᠤᠢ ᠲᠣᠭᠤᠷᠢᠭ ᠤᠨ ᠳᠡᠳ᠋ ᠳᠠᠷᠤᠭ᠎ᠠ ᠰᠦᠨ | ᠶᠠᠨ ᠬᠤᠩ᠂ 26 ᠬᠠᠮᠢᠶ᠎ᠠ ᠪᠦᠬᠦᠢ ᠨᠢᠭᠡᠴᠢ ᠵᠢᠴᠢ ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ | ᠬᠠᠷᠢᠭᠤᠴᠠᠯᠭᠠᠲᠠᠨ ᠣᠷᠣᠯᠴᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ | ᠪᠠᠭᠤᠯᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠳᠡᠭᠡᠳᠦ | ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠤᠯᠤᠭᠠᠨ | ᠲᠠᠯ᠎ᠠ ᠠᠴᠠ 24 ᠵᠦᠢᠯ ᠤᠨ ᠰᠢᠯᠭᠠᠯᠲᠠ ᠶᠢᠨ ᠶᠠᠪᠤᠳᠠᠯ ᠤᠨ ᠠᠵᠢᠯ ᠢ ᠲᠠᠶᠢᠯᠪᠤᠷᠢᠯᠠᠪᠠ᠃ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠠᠴᠠ ᠭᠤᠷᠪᠠᠨ ᠵᠦᠢᠯ ᠤᠨ ᠰᠢᠯᠭᠠᠯᠲᠠ ᠶᠢᠨ ᠰᠢᠯᠭᠠᠯᠲᠠ ᠶᠢᠨ ᠴᠡᠭ᠂ ᠰᠢᠯᠭᠠᠯᠲᠠ ᠶᠢᠨ | ᠲᠠᠯᠠᠪᠤᠷ ᠤᠨ ᠪᠠᠶᠢᠷᠢᠯᠠᠭᠤᠯᠤᠯᠲᠠ ᠵᠢᠴᠢ ᠡᠯ᠎ᠡ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ | ᠲᠠᠨᠢᠯᠴᠠᠭᠤᠯᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠡᠯ᠎ᠡ | ᠨᠢᠭᠡᠴᠡ ᠵᠢᠴᠢ ᠰᠢᠯᠭᠠᠯᠲᠠ ᠶᠢᠨ ᠴᠡᠭ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠪᠠᠶᠢᠷᠢᠯᠠᠭᠤᠯᠪᠠ᠃ ᠡᠯ᠎ᠡ | ᠨᠢᠭᠡᠴᠡ ᠨᠦᠭᠦᠳ ᠰᠢᠯᠭᠠᠯᠲᠠ ᠶᠢᠨ ᠡᠭᠦᠷᠭᠡ ᠬᠠᠷᠢᠭᠤᠴᠠᠯᠭ᠎ᠠ᠂ ᠳᠠᠯᠳᠠ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ | ᠬᠡᠮᠵᠢᠶ᠎ᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠰᠢᠯᠭᠠᠯᠲᠠ ᠶᠢᠨ ᠲᠥᠪ ᠠᠴᠠ ᠰᠠᠨᠠᠯ ᠰᠠᠨᠠᠭᠤᠯᠭ᠎ᠠ ᠳᠤ | ᠨᠢᠭᠡᠳ ᠨᠢᠭᠡ ᠪᠠᠷ ᠬᠠᠷᠢᠭᠤᠯᠲᠠ ᠥᠭᠪᠡ᠃ | ᠬᠤᠷᠠᠯ ᠠᠴᠠ᠂ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠤᠮᠳᠠᠳᠤ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠣᠯ ᠥᠭᠡᠷᠡᠴᠢᠯᠡᠯᠲᠡ ᠬᠢᠭᠰᠡᠨ ᠤ ᠳᠠᠷᠠᠭᠠᠬᠢ ᠠᠩᠬ᠎ᠠ ᠤᠳᠠᠭᠠᠨ ᠤ | ᠰᠢᠯᠭᠠᠯᠲᠠ ᠮᠥᠨ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠨᠢᠭᠡᠴᠡ ᠶᠢᠨ ᠬᠢᠨ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠯᠭᠠᠯᠲᠠ ᠶᠢᠨ ᠠᠵᠢᠯ ᠤᠨ ᠴᠢᠬᠤᠯᠠ ᠴᠢᠨᠠᠷ᠂ ᠣᠨᠴᠠᠭᠠᠢ ᠴᠢᠨᠠᠷ | ᠪᠣᠯᠤᠨ ᠪᠤᠳᠤᠯᠢᠶᠠᠨᠲᠤ ᠴᠢᠨᠠᠷ ᠢ ᠲᠣᠳᠣᠷᠬᠠᠢ ᠲᠠᠨᠢᠬᠤ ᠬᠡᠷᠡᠭᠲᠡᠢ︔ ᠰᠢᠯᠭᠠᠯᠲᠠ ᠶᠢᠨ ᠬᠠᠭᠤᠳᠠᠰᠤ ᠶᠢᠨ ᠠᠮᠤᠷ | ᠲᠦᠪᠰᠢᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ︔ | ᠬᠠᠷᠢᠭᠤᠴᠠᠯᠭ᠎ᠠ ᠶᠢ ᠴᠢᠩᠳᠠᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠰᠢᠮᠳᠠᠭᠤᠯᠤᠨ ᠪᠠᠶᠢᠴᠠᠭᠠᠬᠤ ᠪᠠ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ | ᠨᠠᠷᠢᠨ ᠨᠢᠮᠪᠠᠶ ᠰᠤᠷᠲᠠᠯ ᠢᠶᠠᠷ ︽ᠠᠮᠤᠷ ᠠᠮᠤᠭᠤᠯᠠᠩ ᠭᠤᠷᠪᠠᠨ ᠰᠢᠯᠭᠠᠯᠲᠠ︾ ᠶᠢᠨ ᠬᠠᠷᠠᠯᠲᠠ ᠶᠢ ᠪᠡᠶᠡᠯᠡᠭᠦᠯᠵᠦ᠂ | ᠪᠦᠬᠦ ᠲᠣᠭᠤᠷᠢᠭ ᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ | ᠭᠡᠵᠤ ᠴᠢᠬᠤᠯᠠᠴᠢᠯᠠᠪᠠ᠃ | |