ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠱᠠᠩᠨᠠᠬᠤ ᠶᠢ ᠭᠡᠷ ᠲᠤᠨᠢ ᠬᠦᠷᠭᠡᠬᠦ︾ ᠠᠵᠢᠯᠯᠠᠭ᠎ᠠ ᠶᠢ ᠬᠡᠪ ᠤᠨ ᠪᠠᠶᠢᠳᠠᠯ ᠢᠶᠠᠷ ᠥᠷᠨᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠪᠠ
ᠨᠡᠶᠢᠲᠡᠯᠡᠭᠰᠡᠨ ᠴᠠᠭ᠄
2025/5/29
    5 ᠰᠠᠷ᠎ᠠ ᠶᠢᠨ 26᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ ᠸᠧᠨ ᠵᠧᠩ ᠨᠠᠷ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠴᠡᠭᠡᠯ ᠠᠭᠤᠯᠠ ᠪᠠᠯᠭᠠᠰᠤᠨ ᠤ ᠲᠤᠸᠠᠨ ᠵᠢᠶᠧ ᠰᠢᠨ᠎ᠡ ᠲᠣᠰᠬᠤᠨ ᠳᠤ ᠬᠦᠷᠴᠦ ︽ᠱᠠᠩᠨᠠᠬᠤ ᠶᠢ ᠭᠡᠷ ᠲᠤᠨᠢ ᠬᠦᠷᠭᠡᠬᠦ︾ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠭᠤᠤ ᠸᠧᠨ ᠵᠧᠩ ᠴᠠᠭ ᠲᠤᠬᠠᠢ ᠳᠤᠨᠢ ᠱᠠᠩᠨᠠᠨ ᠬᠥᠬᠢᠭᠦᠯᠬᠦ ᠠᠵᠢᠯ ᠤᠨ ᠱᠠᠩᠨᠠᠯ ᠣᠯᠤᠭᠰᠠᠨ 2 ᠬᠠᠮᠲᠤ ᠪᠣᠯᠤᠨ 1 ᠬᠤᠪᠢ ᠬᠥᠮᠦᠨ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠲᠡᠳᠡᠨ ᠳᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠪᠠᠰᠠ ᠠᠵᠢᠯ ᠬᠢᠵᠦ ᠦᠢᠯᠡᠰ ᠪᠤᠰᠬᠠᠬᠤ ᠢᠲᠡᠭᠡᠯ ᠵᠣᠷᠢᠭ ᠢ ᠨᠢ ᠨᠡᠩ ᠪᠠᠲᠤᠳᠬᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠵᠦᠢᠯ ᠤᠨ ᠠᠵᠢᠯ ᠳᠤ ᠣᠷᠣᠯᠴᠠᠵᠤ᠂ ᠡᠷᠡᠮᠡᠬᠡᠶᠢᠯᠡᠨ ᠤᠷᠤᠭᠰᠢᠯᠠᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠪᠠ᠃
640 (5).jpg   
    ᠣᠶᠢᠯᠠᠭᠠᠭᠰᠠᠨ ᠢᠶᠠᠷ᠂ ᠲᠣᠰ ᠤᠳᠠᠭ᠎ᠠ ᠶᠢᠨ ᠴᠠᠭ ᠲᠤᠬᠠᠢ ᠳᠤᠨᠢ ᠱᠠᠩᠨᠠᠨ ᠬᠥᠬᠢᠭᠦᠯᠬᠦ ᠠᠵᠢᠯ ᠤᠨ ᠱᠠᠩᠨᠠᠯ ᠭᠥᠷᠳᠡᠭᠰᠡᠨ 2 ᠬᠠᠮᠲᠤ ᠨᠡᠶᠢᠲᠡ ᠪᠠ 1 ᠬᠤᠪᠢ ᠬᠥᠮᠦᠨ ᠴᠥᠮ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ ᠪᠠᠨ ᠪᠣᠳᠠᠲᠤ ᠠᠮᠵᠢᠯᠲᠠ ᠪᠦᠲᠦᠮᠵᠢ ᠣᠯᠵᠤ᠂ ᠴᠡᠭᠡᠯ ᠠᠭᠤᠯᠠ ᠪᠠᠯᠭᠠᠰᠤᠨ ᠤ ᠲᠤᠸᠠᠨ ᠵᠢᠶᠧ ᠰᠢᠨ᠎ᠡ ᠲᠣᠰᠬᠤᠨ ᠤ ᠤᠨᠴᠠᠯᠢᠬᠳᠤ ᠣᠷᠭᠠᠨᠢᠭ ᠢᠳᠡᠰᠢᠨ ᠨᠣᠭᠤᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ ᠪᠣᠬᠢᠷᠲᠤᠯ ᠥᠬᠡᠶ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠳᠤᠮᠳᠠ ᠵᠢᠵᠢᠭ ᠬᠡᠯᠪᠡᠷᠢ ᠶᠢᠨ ᠬᠡᠲᠦ ᠳᠡᠯᠭᠡᠭᠦᠷ ᠲᠤ ᠣᠷᠣᠭᠤᠯᠬᠤ ᠶᠢ ᠳᠥᠯᠭᠢᠨ ᠠᠬᠢᠭᠤᠯᠵᠤ᠂ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ︔ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠠᠮᠢᠶᠠᠷᠤᠭᠴᠢ ᠮᠠᠶ᠋ᠢᠭ︾᠎ ᠤᠨ ᠦᠢᠯᠡᠴᠢᠯᠡᠭᠡ ᠪᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ 2 ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠬᠠᠪᠰᠤᠷᠤᠨ 24 ᠴᠠᠭ ᠤᠨ ᠳᠣᠲᠣᠷ᠎ᠠ ᠪᠦᠷᠢᠳᠬᠡᠨ ᠳᠠᠩᠰᠠᠯᠠᠭᠤᠯᠬᠤ ᠭᠠᠷᠳᠠᠮ ᠢ ᠲᠦᠷᠭᠡᠨ ᠭᠦᠢᠴᠡᠤᠡᠭᠡᠪᠡ︔ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠭᠦᠸᠧ ᠱᠦᠨ ᠯᠢ ᠠᠵᠤ ᠠᠬᠤᠶᠢᠯᠠᠯ ᠤᠨ ᠤᠯᠤᠰ ᠤᠨ ᠲᠠᠰ ᠤᠨ ᠠᠵᠤ ᠦᠢᠯᠡᠳᠪᠦᠷᠢᠵᠢᠯᠲᠡ ᠪᠠ ᠬᠠᠮᠢᠶᠠᠷᠤᠯᠲᠠ ᠶᠢᠨ ᠰᠢᠰᠲ᠋ᠧᠮ ᠤᠨ ᠲᠠᠰ ᠳᠡᠪᠰᠢᠭᠰᠡᠨ ᠬᠡᠪ ᠤᠨ ᠪᠠᠷᠢᠮᠵᠢᠶ᠎ᠠ ᠶᠢ AAA ᠲᠠᠰ ᠤᠨ ᠰᠢᠯᠢᠳᠡᠭ ᠠᠵᠤ ᠠᠬᠤᠶᠢᠯᠠᠯ ᠳᠤ ᠠᠮᠵᠢᠯᠲᠠ ᠲᠠᠢ ᠭᠤᠶᠤᠴᠢᠯᠠᠨ ᠮᠡᠳᠡᠭᠦᠯᠬᠦ ᠶᠢ ᠢᠳᠡᠪᠬᠢᠲᠡᠶ ᠠᠬᠢᠭᠤᠯᠪᠠ᠃
640 (6).jpg   
    ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠱᠠᠩᠨᠠᠬᠤ ᠶᠢ ᠭᠡᠷ ᠲᠤᠨᠢ ᠬᠦᠷᠭᠡᠬᠦ︾ ᠠᠵᠢᠯᠯᠠᠭ᠎ᠠ ᠶᠢ ᠬᠡᠪ ᠤᠨ ᠪᠠᠶᠢᠳᠠᠯ ᠢᠶᠠᠷ ᠥᠷᠨᠢᠭᠦᠯᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ︽ᠬᠠᠶᠢᠷᠤᠪ ᠤᠨ ᠲᠤᠬᠤᠢ ᠲᠣᠭᠤᠷᠢᠭ ᠤᠨ ᠴᠠᠭ ᠲᠤᠬᠠᠢ ᠳᠤᠨᠢ ᠱᠠᠩᠨᠠᠨ ᠬᠥᠬᠢᠭᠦᠯᠬᠦ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠴᠤᠭ ᠰᠦᠯᠳᠡ ᠶᠢ ᠲᠠᠰᠤᠷᠠᠯᠳᠠ ᠦᠭᠡᠢ ᠬᠥᠭᠵᠢᠭᠡᠵᠦ᠂ ᠮᠠᠨ ᠤ ᠲᠤᠭᠤᠷᠢᠭ ᠤᠨ ᠡᠯ᠎ᠡ ᠵᠦᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃
640 (7).jpg   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号