ᠬᠠᠶᠢᠷᠤᠪ ᠤᠨ ᠲᠤᠬᠤᠢ ᠲᠣᠭᠤᠷᠢᠭ 2025 ᠣᠨ ᠤ ᠳᠡᠭᠡᠳᠦ ᠰᠤᠷᠭᠠᠭᠤᠯᠢ ᠶᠢᠨ ᠰᠢᠯᠭᠠᠯᠲᠠ᠂ ᠳᠤᠮᠳᠠᠳᠤ ᠰᠤᠷᠭᠠᠭᠤᠯᠢ ᠶᠢᠨ ᠰᠢᠯᠭᠠᠯᠲᠠ᠂ ᠰᠤᠷᠤᠯᠭ᠎ᠠ ᠶᠢᠨ ᠰᠢᠯᠭᠠᠯᠲᠠ ᠶᠢᠨ ᠶᠠᠪᠤᠳᠠᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/29
    5 ᠰᠠᠷ᠎ᠠ ᠶᠢᠨ 27 ᠤ ᠡᠳᠦᠷ᠂ ᠬᠠᠶᠢᠷᠤᠪ ᠤᠨ ᠲᠤᠬᠤᠢ ᠲᠣᠭᠤᠷᠢᠭ 2025 ᠣᠨ ᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ᠂ ᠰᠤᠷᠤᠯᠭ᠎ᠠ ᠶᠢᠨ ᠰᠢᠯᠭᠠᠯᠲᠠ᠂ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠶᠠᠪᠤᠳᠠᠯ ᠤᠨ ᠠᠵᠢᠯ ᠤᠨ ᠬᠠᠮᠲᠤᠷᠠᠭᠰᠠᠨ ᠬᠤᠷᠠᠯ᠂ ᠬᠠᠶᠢᠷᠤᠪ ᠤᠨ ᠲᠤᠬᠤᠢ ᠲᠣᠭᠤᠷᠢᠭ ᠤᠨ ᠳᠡᠳ᠋ ᠳᠠᠷᠤᠭ᠎ᠠ ᠰᠦᠨ ᠶᠠᠨ ᠬᠤᠩ᠂ 26 ᠬᠠᠮᠢᠶ᠎ᠠ ᠪᠦᠬᠦᠢ ᠨᠢᠭᠡᠴᠢ ᠵᠢᠴᠢ ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠬᠠᠷᠢᠭᠤᠴᠠᠯᠭᠠᠲᠠᠨ ᠣᠷᠣᠯᠴᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠪᠠᠭᠤᠯᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠤᠯᠤᠭᠠᠨ ᠲᠠᠯ᠎ᠠ ᠠᠴᠠ 24 ᠵᠦᠢᠯ ᠤᠨ ᠰᠢᠯᠭᠠᠯᠲᠠ ᠶᠢᠨ ᠶᠠᠪᠤᠳᠠᠯ ᠤᠨ ᠠᠵᠢᠯ ᠢ ᠲᠠᠶᠢᠯᠪᠤᠷᠢᠯᠠᠪᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠷᠪᠠᠨ ᠵᠦᠢᠯ ᠤᠨ ᠰᠢᠯᠭᠠᠯᠲᠠ ᠶᠢᠨ ᠰᠢᠯᠭᠠᠯᠲᠠ ᠶᠢᠨ ᠴᠡᠭ᠂ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ ᠵᠢᠴᠢ ᠡᠯ᠎ᠡ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠠᠨᠢᠯᠴᠠᠭᠤᠯᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠡᠯ᠎ᠡ ᠨᠢᠭᠡᠴᠡ ᠵᠢᠴᠢ ᠰᠢᠯᠭᠠᠯᠲᠠ ᠶᠢᠨ ᠴᠡᠭ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠪᠠᠶᠢᠷᠢᠯᠠᠭᠤᠯᠪᠠ᠃ ᠡᠯ᠎ᠡ ᠨᠢᠭᠡᠴᠡ ᠨᠦᠭᠦᠳ ᠰᠢᠯᠭᠠᠯᠲᠠ ᠶᠢᠨ ᠡᠭᠦᠷᠭᠡ ᠬᠠᠷᠢᠭᠤᠴᠠᠯᠭ᠎ᠠ᠂ ᠳᠠᠯᠳᠠ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠰᠢᠯᠭᠠᠯᠲᠠ ᠶᠢᠨ ᠲᠥᠪ ᠠᠴᠠ ᠰᠠᠨᠠᠯ ᠰᠠᠨᠠᠭᠤᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃     ᠬᠤᠷᠠᠯ ᠠᠴᠠ᠂ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠣᠯ ᠥᠭᠡᠷᠡᠴᠢᠯᠡᠯᠲᠡ ᠬᠢᠭᠰᠡᠨ ᠤ ᠳᠠᠷᠠᠭᠠᠬᠢ ᠠᠩᠬ᠎ᠠ ᠤᠳᠠᠭᠠᠨ ᠤ ᠰᠢᠯᠭᠠᠯᠲᠠ ᠮᠥᠨ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠯᠭᠠᠯᠲᠠ ᠶᠢᠨ ᠠᠵᠢᠯ ᠤᠨ ᠴᠢᠬᠤᠯᠠ ᠴᠢᠨᠠᠷ᠂ ᠣᠨᠴᠠᠭᠠᠢ ᠴᠢᠨᠠᠷ ᠪᠣᠯᠤᠨ ᠪᠤᠳᠤᠯᠢᠶᠠᠨᠲᠤ ᠴᠢᠨᠠᠷ ᠢ ᠲᠣᠳᠣᠷᠬᠠᠢ ᠲᠠᠨᠢᠬᠤ ᠬᠡᠷᠡᠭᠲᠡᠢ︔ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ︔ ᠬᠠᠷᠢᠭᠤᠴᠠᠯᠭ᠎ᠠ ᠶᠢ ᠴᠢᠩᠳᠠᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠰᠢᠮᠳᠠᠭᠤᠯᠤᠨ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠨᠠᠷᠢᠨ ᠨᠢᠮᠪᠠᠶ ᠰᠤᠷᠲᠠᠯ ᠢᠶᠠᠷ ︽ᠠᠮᠤᠷ ᠠᠮᠤᠭᠤᠯᠠᠩ ᠭᠤᠷᠪᠠᠨ ᠰᠢᠯᠭᠠᠯᠲᠠ︾ ᠶᠢᠨ ᠬᠠᠷᠠᠯᠲᠠ ᠶᠢ ᠪᠡᠶᠡᠯᠡᠭᠦᠯᠵᠦ᠂ ᠪᠦᠬᠦ ᠲᠣᠭᠤᠷᠢᠭ ᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ  ᠭᠡᠵᠤ ᠴᠢᠬᠤᠯᠠᠴᠢᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号