ᠬᠠᠶᠢᠷᠤᠪ ᠤᠨ ᠲᠣᠬᠤᠢ ᠲᠣᠭᠤᠷᠢᠭ ᠤᠨ ︽ᠳᠤᠯᠠᠭᠠᠯᠠᠭ᠎ᠠ ᠶᠢᠨ ᠢᠨᠵᠧᠨᠧᠷᠢᠩ︾ ᠬᠥᠭᠵᠢᠶᠡᠨᠲᠡᠢ ᠡᠬᠢᠯᠡᠪᠡ
ᠨᠡᠶᠢᠲᠡᠯᠡᠭᠰᠡᠨ ᠴᠠᠭ᠄
2025/5/3
    ᠳᠤᠯᠠᠭᠠᠯᠠᠭ᠎ᠠ ᠬᠠᠩᠭᠠᠬᠤ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠮᠥᠨ᠃ ︽ᠳᠤᠯᠠᠭᠠᠯᠠᠭ᠎ᠠ ᠶᠢᠨ ᠢᠨᠵᠧᠨᠧᠷᠢᠩ︾ ᠨᠢ ᠥᠪᠡᠷᠲᠡᠭᠡᠨ ᠵᠠᠰᠠᠬᠤ ᠣᠷᠣᠨ ᠤ ᠠᠷᠠᠳ ᠲᠤ ᠠᠰᠢᠭ ᠬᠦᠷᠲᠡᠭᠡᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ ᠬᠥᠭᠵᠢᠯᠲᠡ ᠶᠢᠨ ᠢᠨᠵᠧᠨᠧᠷᠢᠩ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠳᠤ ᠪᠦᠬᠦ ᠬᠦᠴᠦᠨ ᠢᠶᠠᠷ ᠢᠶᠠᠨ ᠣᠷᠣᠯᠴᠠᠵᠤ᠂ ᠵᠢᠷᠤᠭ ᠡᠯᠭᠦᠨ ᠪᠠᠶᠢᠯᠳᠤᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ᠂ ︽ᠳᠤᠯᠠᠭᠠᠯᠠᠭ᠎ᠠ ᠶᠢᠨ ᠢᠨᠵᠧᠨᠧᠷᠢᠩ︾  ᠠᠷᠠᠳ ᠤᠨ ᠰᠡᠳᠬᠢᠯ ᠢ ᠦᠨᠡᠨᠬᠦ ᠳᠤᠯᠠᠭᠠᠴᠠᠭᠤᠯᠪᠠ᠃
640.png   
    ᠬᠠᠶᠢᠷᠤᠪ ᠤᠨ ᠲᠤᠬᠤᠢ ᠲᠣᠭᠤᠷᠢᠭ 2025 ᠣᠨ ᠤ ︽ᠳᠤᠯᠠᠭᠠᠯᠠᠭ᠎ᠠ ᠶᠢᠨ ᠢᠨᠵᠧᠨᠧᠷᠢᠩ︾ ᠨᠢ ᠤᠯᠠᠨ ᠴᠢᠬᠤᠯᠠ ᠲᠦᠷᠦᠯ ᠵᠦᠢᠯ ᠢ ᠬᠠᠮᠤᠷᠴᠤ᠂ ᠦᠬᠠᠢ ᠬᠤᠳᠠ ᠶᠢᠨ ᠢᠯᠴᠢ ᠬᠠᠩᠭᠠᠬᠤ ᠭᠤᠣᠯᠯᠠᠨ ᠬᠠᠮᠢᠶᠠᠷᠬᠤ ᠲᠣᠣᠷ ᠢ ᠨᠡᠭᠦᠯᠭᠡᠨ ᠥᠭᠡᠷᠡᠴᠢᠯᠡᠬᠦ ᠢᠨᠵᠧᠨᠧᠷᠢᠩ︔ ᠬᠠᠶᠢᠷᠤᠪ ᠤᠨ ᠲᠤᠬᠤᠢ ᠲᠣᠭᠤᠷᠢᠭ ᠤᠨ ᠨᠢᠭᠡᠳᠦᠭᠡᠷ ᠳᠡᠰ ᠤᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠲᠦᠷᠦᠯ ᠵᠦᠢᠯ︔ ᠬᠠᠶᠢᠷᠤᠪ ᠤᠨ ᠲᠤᠬᠤᠢ ᠲᠣᠭᠤᠷᠢᠭ ᠤᠨ ᠢᠯᠴᠢ ᠰᠣᠯᠢᠯᠴᠠᠬᠤ ᠥᠷᠲᠡᠭᠡ ᠶᠢ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ︔ ᠦᠬᠠᠢ ᠶᠢᠨ ᠢᠯᠴᠢ ᠬᠠᠩᠭᠠᠬᠤ ᠴᠠᠬᠢᠯᠭᠠᠨ ᠦᠢᠯᠡᠳᠪᠦᠷᠢ ᠶᠢᠨ ᠬᠤᠭᠤᠯᠠᠢ ᠲᠣᠣᠷ ᠤᠨ ᠲᠥᠬᠦᠭᠡᠷᠦᠮᠵᠢ ᠵᠢᠴᠢ ᠢᠯᠴᠢ ᠰᠣᠯᠢᠯᠴᠠᠬᠤ ᠦᠷᠳᠡᠭᠡ ᠶᠢᠨ ᠲᠥᠬᠦᠭᠡᠷᠦᠮᠵᠢ ᠶᠢ ᠥᠭᠡᠷᠡᠴᠢᠯᠡᠬᠦ ᠲᠦᠷᠦᠯ ᠵᠦᠢᠯ︔ ᠬᠠᠶᠢᠷᠤᠪ ᠤᠨ ᠲᠤᠬᠤᠢ ᠲᠣᠭᠤᠷᠢᠭ ᠤᠨ ᠶᠡᠷᠦᠩᠬᠡᠶᠢᠯᠡᠭᠰᠡᠨ ᠬᠤᠭᠤᠯᠠᠢ ᠲᠣᠣᠷ ᠢ ᠥᠭᠡᠷᠡᠴᠢᠯᠡᠬᠦ ᠢᠨᠵᠧᠨᠧᠷᠢᠩ ᠨᠡᠶᠢᠲᠡ 6 ᠲᠦᠷᠦᠯ ᠵᠦᠢᠯ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 7.941 ᠳ᠋ᠦᠩᠰᠢᠭᠤᠷ ᠲᠥᠭᠦᠷᠢᠭ ᠲᠤ ᠬᠦᠷᠴᠡᠢ᠃ ᠲᠥᠷᠥᠯ ᠵᠦᠢᠯ ᠤᠨ ᠠᠭᠤᠯᠭ᠎ᠠ ᠨᠢ ᠢᠯᠴᠢ ᠶᠢᠨ ᠢᠷᠡᠯᠲᠡ ᠶᠢᠨ ᠪᠠᠭᠲᠠᠭᠠᠮᠵᠢ ᠶᠢ ᠥᠷᠭᠡᠳᠬᠡᠬᠦ᠂ ᠨᠢᠭᠡᠳᠦᠭᠡᠷ ᠳᠡᠰ ᠤᠨ ᠬᠤᠭᠤᠯᠠᠶ ᠶᠢᠨ ᠲᠣᠤᠷ᠂ ᠬᠤᠶᠠᠳᠤᠭᠠᠷ ᠳᠡᠰ ᠤᠨ ᠬᠤᠭᠤᠯᠠᠶ ᠶᠢᠨ ᠲᠣᠤᠷ᠂ ᠠᠰᠠᠷ ᠤᠨ ᠪᠠᠶᠢᠭᠤᠯᠤᠭᠰᠠᠨ ᠬᠤᠭᠤᠯᠠᠶ᠂ ᠢᠯᠴᠢ ᠰᠣᠯᠢᠯᠴᠠᠬᠤ ᠥᠷᠲᠡᠭᠡ ᠵᠡᠷᠭᠡ 5 ᠲᠥᠷᠥᠯ ᠵᠦᠢᠯ ᠳᠤ ᠬᠤᠯᠪᠣᠭᠳᠠᠵᠤ᠂ ᠣᠷᠳᠣ ᠳᠠᠮᠵᠢᠭᠤᠯᠬᠤ ᠬᠤᠭᠤᠯᠠᠶ ᠶᠢᠨ ᠲᠣᠤᠷ ᠢ 30  ᠺᠢᠯᠤᠮᠧᠲᠷ ᠰᠢᠨ᠎ᠡ ᠪᠠᠷ ᠪᠠᠶᠢᠭᠤᠯᠵᠤ᠂ ᠨᠢᠭᠡᠳᠦᠭᠡᠷ ᠳᠡᠰ ᠤᠨ ᠬᠤᠭᠤᠯᠠᠶ ᠶᠢᠨ ᠲᠣᠤᠷ ᠢ 26 ᠺᠢᠯᠤᠮᠧᠲᠷ ︵ᠲᠡᠭ ᠤᠳᠠᠭ᠎ᠠ ᠶᠢᠨ ᠲᠣᠤᠷ 5 ᠺᠢᠯᠤᠮᠧᠲᠷ ᠪᠠᠭᠲᠠᠨ᠎ᠠ︶᠂ ᠬᠤᠶᠠᠳᠤᠭᠠᠷ ᠳᠡᠰ ᠤᠨ ᠬᠤᠭᠤᠯᠠᠶ ᠶᠢᠨ ᠲᠣᠤᠷ ᠤᠨ 21.93 ᠺᠢᠯᠤᠮᠧᠲᠷ᠂ ᠠᠰᠠᠷ ᠤᠨ ᠰᠠᠭᠤᠷᠢ ᠬᠤᠭᠤᠯᠠᠶ 11.55 ᠺᠢᠯᠤᠮᠧᠲᠷ ᠥᠭᠡᠷᠡᠴᠢᠯᠡᠨ᠎ᠡ᠃
640 (1).png   
    ᠢᠨᠵᠧᠨᠧᠷᠢᠩ ᠤᠨ ᠤᠷᠤᠭᠰᠢᠲᠠᠶ ᠠᠬᠢᠬᠤ ᠶᠢ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠷᠠᠯ ᠬᠤᠷᠠᠯᠳᠤᠭᠤᠯᠵᠤ᠂ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠮᠢᠶ᠎ᠠ ᠪᠦᠬᠦᠢ ᠠᠵᠤ ᠠᠬᠤᠶᠢᠯᠠᠯ ᠲᠠᠢ ᠬᠠᠮᠵᠢᠯᠴᠠᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠠᠵᠢᠯ ᠢ ᠠᠬᠢᠭᠤᠯᠬᠤ ᠬᠤᠷᠠᠯ ᠳᠡᠭᠡᠷ᠎ᠡ᠂ ᠠᠵᠢᠯᠲᠠᠳ ᠢ ︽ᠳᠤᠯᠠᠭᠠᠯᠠᠭ᠎ᠠ ᠶᠢᠨ ᠢᠨᠵᠧᠨᠧᠷᠢᠩ︾ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠡᠭᠦᠨ ᠢ ᠦᠨᠡᠨ ᠬᠦ ᠣᠳᠣᠬᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠠᠵᠢᠯ ᠤᠨ ᠳᠤᠮᠳᠠ ᠪᠠᠨ ᠣᠷᠣᠭᠤᠯᠬᠤ ᠬᠡᠷᠡᠭᠲᠡᠢ ᠭᠡᠵᠦ ᠱᠠᠭᠠᠷᠳᠠᠪᠠ᠃
640 (2).png   
    ᠣᠳᠣᠬᠠᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ︽ᠳᠤᠯᠠᠭᠠᠯᠠᠭ᠎ᠠ ᠶᠢᠨ ᠢᠨᠵᠧᠨᠧᠷᠢᠩ︾ ᠨᠢᠭᠡᠨᠲᠡ ᠬᠥᠭᠵᠢᠶᠡᠨᠲᠡᠢ ᠡᠬᠢᠯᠡᠬᠦ ᠪᠠᠶᠢᠳᠠᠯ ᠳᠤ ᠣᠷᠣᠪᠠ᠃ ᠡᠭᠦᠨ ᠳᠤ᠂ ᠬᠠᠶᠢᠷᠤᠪ ᠤᠨ ᠲᠣᠬᠤᠶ ᠲᠣᠭᠤᠷᠢᠭ ᠤᠨ ᠬᠤᠶᠠᠳᠤᠭᠠᠷ ᠳᠡᠰ ᠤᠨ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠲᠥᠷᠥᠯ  ᠵᠤᠶᠢᠯ᠂ ᠬᠠᠶᠢᠷᠤᠪ ᠤᠨ ᠲᠣᠬᠤᠶ ᠲᠣᠭᠤᠷᠢᠭ ᠤᠨ ᠢᠯᠴᠢ ᠰᠣᠯᠢᠯᠴᠠᠬᠤ ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠤᠶᠢᠯ᠂ ᠦᠬᠠᠶ ᠶᠢᠨ ᠢᠯᠴᠢ ᠴᠠᠬᠢᠯᠭᠠᠨ ᠤ  ᠤᠶᠢᠯᠡᠤᠡᠪᠤᠷᠢ ᠶᠢᠨ ᠬᠤᠭᠤᠯᠠᠶ ᠶᠢᠨ ᠲᠣᠤᠷ ᠤᠨ ᠪᠡᠯᠡᠳᠬᠡᠮᠵᠢ ᠵᠢᠴᠢ ᠢᠯᠴᠢ ᠰᠣᠯᠢᠯᠴᠠᠬᠤ ᠥᠷᠲᠡᠭᠡ ᠶᠢᠨ ᠲᠥᠬᠦᠭᠡᠷᠦᠮᠵᠢ ᠶᠢ ᠥᠭᠡᠷᠡᠴᠢᠯᠡᠬᠦ ᠲᠥᠷᠥᠯ ᠵᠤᠶᠢᠯ ᠢ ᠨᠢᠭᠡᠨᠲᠡ ᠤᠷᠢᠳᠠᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠬᠠᠤᠯᠢ ᠬᠡᠷᠡᠭᠵᠢᠭᠦᠯᠬᠦ ᠠᠵᠢᠯᠲᠠᠳ ᠪᠠᠷᠢᠯᠭ᠎ᠠ ᠶᠢᠨ ᠠᠵᠢᠯᠲᠠᠳ ᠲᠠᠢ ᠮᠥᠷᠥ ᠵᠡᠷᠭᠡᠴᠡᠨ ᠪᠠᠶᠢᠯᠳᠤᠵᠤ᠂ ᠲᠤᠬᠠᠢ ᠶᠢᠨ ᠲᠠᠯᠠᠪᠠᠢ ᠳᠤ ᠠᠵᠢᠯ ᠢ ᠵᠢᠯᠣᠭᠤᠳᠴᠤ᠂ ᠪᠠᠷᠢᠯᠭ᠎ᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃ ᠡᠭᠦᠨ ᠤ ᠬᠠᠮᠲᠤ᠂ ᠪᠠᠷᠢᠯᠭ᠎ᠠ ᠪᠠᠷᠢᠬᠤ ᠨᠢᠭᠡᠴᠡ ᠶᠢ ᠠᠵᠢᠯ ᠤᠨ ᠳᠠᠷᠠᠭᠠᠯᠠᠯ ᠢᠶᠠᠨ ᠶᠠᠭ ᠵᠢᠭᠰᠠᠭᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠪᠠᠷᠢᠬᠤ ᠠᠬᠢᠴᠠ ᠪᠠᠨ ᠲᠦᠷᠭᠡᠳᠬᠡᠵᠦ᠂ ᠲᠥᠷᠥᠯ ᠵᠦᠢᠯ ᠢ ᠴᠠᠭ ᠬᠤᠭᠤᠴᠠᠭ᠎ᠠ ᠶᠣᠰᠣᠭᠠᠷ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠪᠤᠰᠤᠳ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠬᠢᠵᠦ ᠪᠠᠶᠢᠭ᠎ᠠ ᠲᠥᠷᠥᠯ ᠵᠦᠢᠯ ᠳᠤ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠴᠤ ᠠᠬᠢᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠲᠤᠰᠬᠠᠶ ᠬᠥᠮᠦᠨ ᠲᠤᠬᠢᠷᠠᠭᠤᠯᠤᠨ ᠳᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠬᠦ ᠳᠤ ᠠᠰᠢᠭᠲᠠᠶ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃     ︽ᠳᠤᠯᠠᠭᠠᠯᠠᠭ᠎ᠠ ᠶᠢᠨ ᠢᠨᠵᠧᠨᠧᠷᠢᠩ︾ ᠪᠣᠯ ᠨᠠᠮ ᠪᠣᠯᠤᠨ ᠵᠠᠰᠠᠭ ᠤᠨ ᠣᠷᠳᠣᠨ ᠤ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠠᠮᠢᠳᠤᠯᠢᠭ ᠢᠯᠡᠷᠡᠯ ᠪᠣᠯᠤᠨ᠎ᠠ᠂ ᠬᠠᠶᠢᠷᠤᠪ ᠤᠨ ᠲᠣᠬᠤᠢ ᠲᠣᠭᠤᠷᠢᠭ ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠦᠷᠭᠦᠯᠵᠢᠯᠡᠨ ᠬᠦᠴᠦᠯᠡᠵᠦ᠂ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠨᠡ ᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠢ ᠡᠷᠲᠡᠬᠡᠨ ᠳᠠᠭᠤᠰᠬᠠᠬᠤ ᠶᠢ ᠪᠠᠲᠤᠯᠠᠵᠤ᠂ ᠥᠷᠭᠡᠨ ᠣᠯᠠᠨ ᠬᠤᠲᠠ ᠶᠢᠨ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠳᠤ ᠪᠠᠲᠤ ᠪᠠᠬᠢ ᠪᠠᠲᠤᠯᠠᠭ᠎ᠠ ᠬᠠᠩᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠤᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号