ᠫᠠᠶᠢᠰᠠ ᠰᠡᠭᠦᠪᠡ︕ ᠴᠡᠭᠡᠯ ᠠᠭᠤᠯᠠ ᠪᠠᠯᠭᠠᠰᠤᠨ ᠤ ︽ᠰᠦᠯᠵᠢᠶᠡᠨ ᠳᠡᠭᠡᠷᠡᠬᠢ ᠰᠢᠭᠦᠬᠦ ᠲᠢᠩᠬᠢᠮ︾ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2025/5/3
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ︽ᠰᠦᠯᠵᠢᠶᠡᠨ ᠳᠡᠭᠡᠷᠡᠬᠢ ᠰᠢᠭᠦᠬᠦ ᠲᠢᠩᠬᠢᠮ ᠤᠨ ᠫᠠᠶᠢᠰᠠ ᠰᠡᠬᠦᠬᠦ ᠡᠬᠢᠯᠡᠯᠲᠡ ᠶᠢᠨ ᠶᠣᠰᠣᠯᠠᠯ︾ ᠶᠠᠪᠤᠭᠳᠠᠭᠤᠯᠪᠠ᠃ ᠡᠨᠡ ᠨᠢ ᠴᠡᠭᠡᠯ ᠠᠭᠤᠯᠠ ᠪᠠᠯᠭᠠᠰᠤᠨ ᠤ ᠣᠶᠤᠨᠴᠢ ᠰᠢᠭᠦᠬᠦ ᠬᠤᠷᠢᠶᠠᠨ ᠤ ᠪᠦᠲᠦᠭᠡᠨ ᠪᠠᠶᠢᠭᠤᠯᠤᠯᠲᠠ ᠪᠠ ᠬᠠᠤᠯᠢ ᠴᠠᠭᠠᠵᠠ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠦᠷᠢᠶᠡᠨ ᠳᠤ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃
640 (4).jpg     
    ︵ᠬᠠᠶᠢᠷᠤᠪ ᠤᠨ ᠲᠤᠬᠤᠢ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠠᠮᠲᠤ ᠪᠠᠷ ︽ᠴᠡᠭᠡᠯ ᠠᠭᠤᠯᠠ ᠪᠠᠯᠭᠠᠰᠤᠨ ᠤ ᠰᠦᠯᠵᠢᠶᠡᠨ ᠳᠡᠭᠡᠷᠡᠬᠢ ᠰᠢᠭᠦᠬᠦ ᠲᠢᠩᠬᠢᠮ︾ ᠤᠨ ᠫᠠᠶᠢᠰᠠ ᠶᠢ ᠰᠡᠬᠦᠪᠡ︶        ᠫᠠᠶᠢᠰᠠ ᠰᠡᠬᠦᠬᠦ ᠶᠣᠰᠣᠯᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠰᠦᠯᠵᠢᠶᠡᠨ ᠳᠡᠭᠡᠷᠡᠬᠢ ᠰᠢᠭᠦᠬᠦ ᠲᠢᠩᠬᠢᠮ ᠤᠨ ᠠᠯᠪᠠᠯᠠᠬᠤ ᠲᠣᠭᠤᠷᠢᠭ ᠢ ᠡᠮᠬᠢ ᠵᠢᠷᠤᠮ ᠲᠠᠢ ᠪᠠᠷ ᠲᠣᠭᠤᠷᠢᠨ ᠦᠵᠡᠪᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠢᠭᠦᠬᠦ ᠲᠤᠰᠢᠶᠠᠯᠲᠠᠨ ᠳᠡᠯᠭᠡᠴᠡ ᠪᠠᠷ ᠰᠢᠭᠤᠳ ᠨᠡᠪᠲᠡᠷᠡᠭᠦᠯᠭᠡ ᠪᠠᠷ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠵᠤ᠂ ᠬᠠᠤᠯᠢ ᠴᠠᠭᠠᠵᠠ ᠶᠢᠨ ᠵᠦᠢᠯ ᠵᠤᠷᠪᠤᠰ ᠢ ᠠᠮᠢᠳᠤᠯᠢᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠪᠣᠯᠭᠠᠨ ᠬᠤᠪᠢᠷᠠᠭᠤᠯᠵᠤ᠂ ᠤᠯᠠᠨ ᠲᠦᠮᠡᠨ ᠢ ᠬᠠᠪᠰᠤᠷᠤᠨ ᠬᠠᠤᠯᠢ ᠴᠠᠭᠠᠵᠠ ᠶᠢᠨ ᠮᠡᠳᠡᠯᠭᠡ ᠶᠢᠨ ᠡᠳᠦᠷ ᠲᠤᠳᠤᠮ ᠤᠨ ᠠᠮᠢᠳᠤᠷᠠᠯ ᠳᠠᠬᠢ ᠬᠡᠷᠡᠭᠯᠡᠯᠲᠡ ᠶᠢ ᠨᠡᠩ ᠰᠠᠶᠢᠲᠤᠷ ᠣᠶᠢᠯᠠᠭᠠᠭᠤᠯᠪᠠ᠃
640 (5).jpg   
    ᠴᠡᠭᠡᠯ ᠠᠭᠤᠯᠠ ᠪᠠᠯᠭᠠᠰᠤᠨ ᠤ ᠰᠦᠯᠵᠢᠶᠡᠨ ᠳᠡᠭᠡᠷᠡᠬᠢ ᠰᠢᠭᠦᠬᠦ ᠲᠢᠩᠬᠢᠮ ᠪᠠᠶᠢᠭᠤᠯᠤᠭᠳᠠᠭᠰᠠᠨ ᠨᠢ ︽ᠠᠷᠠᠳ ᠤᠨ ᠲᠥᠯᠥᠭᠡ ᠬᠠᠤᠯᠢ ᠪᠠᠷᠢᠬᠤ︾ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠪᠣᠯᠬᠤ ᠪᠠᠷ ᠪᠠᠷᠠᠬᠤ ᠦᠭᠡᠢ᠂ ᠪᠠᠰᠠ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠠᠤᠯᠢᠵᠢᠯ ᠤᠨ ᠪᠠᠶᠢᠭᠤᠯᠤᠯᠲᠠ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠬᠤ ᠰᠢᠨ᠎ᠡ ᠶᠢ ᠡᠭᠦᠳᠬᠦ ᠰᠦᠪᠡᠭᠴᠢᠯᠡᠯᠲᠡ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠦᠯᠵᠢᠶᠡᠨ ᠳᠡᠭᠡᠷᠡᠬᠢ ᠰᠢᠭᠦᠬᠦ ᠲᠢᠩᠬᠢᠮ ᠤᠨ ᠴᠢᠳᠠᠪᠬᠢ ᠶᠢ ᠴᠢᠨᠠᠭᠰᠢᠳᠠ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠤᠯᠠᠨ ᠲᠦᠮᠡᠨ ᠤ ᠬᠠᠤᠯᠢᠵᠢᠯ ᠤᠨ ᠬᠦᠷᠲᠡᠮᠵᠢ ᠶᠢᠨ ᠲᠦᠷᠦᠭᠳᠡᠯ ᠢ ᠦᠨᠡᠨ ᠬᠦ ᠳᠡᠭᠡᠭᠰᠢᠯᠡᠭᠦᠯᠵᠦ᠂ ᠡᠶ᠎ᠡ ᠵᠣᠬᠢᠴᠠᠩᠭᠤᠢ ᠲᠣᠭᠲᠠᠭᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号