ᠬᠠᠶᠢᠷᠤᠪ ᠤᠨ ᠲᠤᠬᠤᠢ ᠲᠣᠭᠤᠷᠢᠭ 2025 ᠣᠨ ᠤ ᠵᠢᠭᠤᠯᠴᠢᠯᠡᠯ ᠤᠨ ᠭᠦᠳᠤᠴᠢ᠂ ᠲᠠᠶᠢᠯᠪᠤᠷᠢᠯᠠᠭᠴᠢ ᠶᠢᠨ ᠦᠢᠯᠡᠴᠢᠯᠡᠭᠡᠨ ᠤ ᠵᠢᠷᠤᠮᠵᠢᠯ ᠪᠣᠯᠤᠨ ᠲᠠᠶᠢᠯᠪᠤᠷᠢᠯᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2025/5/30
    5 ᠰᠠᠷ᠎ᠠ ᠶᠢᠨ 27᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ 2025 ᠣᠨ ᠤ   ᠵᠢᠭᠤᠯᠴᠢᠯᠡᠯ ᠤᠨ ᠭᠦᠳᠤᠴᠢ᠂ ᠲᠠᠶᠢᠯᠪᠤᠷᠢᠯᠠᠭᠴᠢ ᠶᠢᠨ ᠦᠢᠯᠡᠴᠢᠯᠡᠭᠡᠨ ᠤ ᠵᠢᠷᠤᠮᠵᠢᠯ ᠪᠣᠯᠤᠨ ᠲᠠᠶᠢᠯᠪᠤᠷᠢᠯᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠤᠷᠠᠯ ᠡᠷᠬᠢᠯᠡᠪᠡ᠃ ᠲᠤᠰ ᠤᠳᠠᠭ᠎ᠠ ᠶᠢᠨ ᠪᠣᠯᠪᠠᠰᠤᠷᠠᠯ ᠳᠤ ᠤᠯᠤᠰ ᠤᠨ ᠠᠯᠲᠠᠨ ᠮᠧᠳᠠᠯ ‍ᠤᠨ‌ᠵᠢᠭᠤᠯᠴᠢᠯᠡᠯ ᠤᠨ ᠭᠦᠳᠤᠴᠢ᠂ ᠲᠥᠪ ᠤᠨ ᠰᠣᠶᠣᠯ ᠪᠠ ᠵᠤᠭᠠᠴᠠᠯ ᠤᠨ ᠬᠠᠮᠢᠶᠠᠷᠤᠯᠲᠠ ᠶᠢᠨ ᠺᠠᠳ᠋ᠷ ᠤᠨ ᠳᠡᠭᠡᠳᠦ ᠰᠤᠷᠭᠠᠭᠤᠯᠢ ᠶᠢᠨ ᠠᠩᠬᠠᠳᠤᠭᠠᠷ ᠬᠤᠭᠤᠴᠠᠭᠠᠨ ᠤ  ᠵᠢᠭᠤᠯᠴᠢᠯᠡᠯ ᠤᠨ ᠭᠦᠳᠤᠴᠢ ᠪᠠᠭᠰᠢ᠂ ᠥᠪᠡᠷᠲᠡᠭᠡᠨ ᠵᠠᠰᠠᠬᠤ ᠣᠷᠣᠨ ᠤ ᠠᠯᠳᠠᠨ ᠮᠧᠳᠠᠯ ᠤᠨ ᠵᠢᠭᠤᠯᠴᠢᠯᠡᠯ ᠤᠨ ᠭᠦᠳᠤᠴᠢ‌ᠮᠧᠩ ᠵᠧᠨ ᠪᠠᠭᠰᠢ ᠶᠢ ᠤᠷᠢᠵᠤ ᠭᠤᠣᠯᠯᠠᠨ ᠶᠠᠷᠢᠭᠤᠯᠪᠠ᠂ ᠬᠠᠶᠢᠷᠤᠪ ᠤᠨ ᠲᠤᠬᠤᠢ ᠲᠣᠭᠤᠷᠢᠭ ᠤᠨ 30 ᠭᠠᠷᠤᠢ ᠵᠢᠭᠤᠯᠴᠢᠯᠡᠯ ᠤᠨ ᠭᠦᠳᠤᠴᠢ᠂ ᠲᠠᠶᠢᠯᠪᠤᠷᠢᠯᠠᠭᠴᠢ ᠲᠤᠰ ᠤᠳᠠᠭ᠎ᠠ ᠶᠢᠨ ᠪᠣᠯᠪᠠᠰᠤᠷᠠᠯ ᠳᠤ ᠣᠷᠣᠯᠴᠠᠪᠠ᠃
640 (14).jpg   
    ᠪᠣᠯᠪᠠᠰᠤᠷᠠᠭᠤᠯᠤᠯ ᠨᠢ ᠠᠵᠢᠯ ᠲᠥᠷᠥᠯ ᠤᠨ ᠭᠤᠤᠯᠯᠠᠬᠤ ᠴᠢᠳᠠᠪᠤᠷᠢ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ ᠬᠥᠲᠥᠴᠢ ᠶᠢᠨ ᠦᠢᠯᠡᠴᠢᠯᠡᠭᠡ ᠶᠢ ᠵᠢᠷᠤᠮᠵᠢᠭᠤᠯᠬᠤ᠂ ᠲᠠᠶᠢᠯᠪᠤᠷᠢᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂     ᠵᠢᠭᠤᠯᠴᠢᠯᠡᠯ ᠤᠨ ᠭᠦᠳᠤᠴᠢ ᠶᠢᠨ ᠦᠭᠡᠰ ᠤᠨ ᠡᠭᠦᠳᠦᠯᠲᠡ ᠪᠠᠷ ᠭᠤᠷᠪᠠᠨ ᠶᠡᠭᠡ ᠭᠤᠤᠯ ᠬᠡᠰᠡᠭ ᠪᠣᠯᠭᠠᠨ ᠰᠢᠰᠲ᠋ᠧᠮ ᠤᠨ ᠵᠢᠭᠠᠨ ᠰᠤᠷᠭᠠᠯᠲᠠ ᠶᠢ ᠥᠷᠨᠢᠭᠦᠯᠪᠡ᠃ ᠮᠧᠩ ᠵᠧᠨ ᠦᠢᠯᠡᠴᠢᠯᠡᠭᠡᠨ ᠤ ᠶᠠᠪᠤᠴᠠ ᠪᠣᠯᠤᠨ ᠦᠢᠯᠡᠴᠢᠯᠡᠭᠡᠨ ᠤ ᠤᠬᠠᠮᠰᠠᠷ ᠲᠠᠢ ᠨᠢᠭᠲᠠ ᠤᠶᠠᠯᠳᠤᠭᠤᠯᠤᠨ᠂ ᠵᠢᠭᠤᠯᠴᠢᠯᠡᠯ ᠤᠨ ᠭᠦᠳᠤᠴᠢ ᠬᠡᠷᠬᠢᠨ ᠰᠠᠶᠢᠨ ᠰᠠᠶᠢᠬᠠᠨ ᠦᠵᠡᠯ ᠰᠠᠨᠠᠭᠠᠨ ᠤ ᠬᠡᠪ ᠪᠣᠯᠪᠠᠰᠤᠷᠠᠯ ᠲᠠᠢ ᠪᠠᠶᠢᠬᠤ᠂ ᠰᠠᠶᠢᠨ ᠰᠠᠶᠢᠬᠠᠨ ᠤᠯᠤᠰ ᠲᠥᠷᠥ ᠶᠢᠨ ᠬᠡᠪ ᠪᠣᠯᠪᠠᠰᠤᠷᠠᠯ ᠲᠠᠢ ᠪᠠᠶᠢᠬᠤ ᠵᠢᠴᠢ ᠰᠠᠶᠢᠨ ᠰᠠᠶᠢᠬᠠᠨ ᠦᠢᠯᠡᠴᠢᠯᠡᠭᠡᠨ ᠤ ᠤᠬᠠᠮᠰᠠᠷ ᠲᠠᠢ ᠪᠠᠶᠢᠬᠤ ᠲᠠᠯ᠎ᠠ‌‍ᠪᠠᠷ ᠭᠦᠨᠵᠡᠭᠡᠶ ᠲᠠᠶᠢᠯᠪᠤᠷᠢᠯᠠᠪᠠ︔ ᠪᠠᠷᠢᠮᠵᠢᠶᠠᠵᠢᠭᠰᠠᠨ ᠦᠢᠯᠡᠴᠢᠯᠡᠭᠡᠨ ᠤ ᠴᠤᠪᠤᠷᠠᠯ ᠤᠨ ᠦᠵᠡᠭᠦᠯᠦᠯᠭᠡ ᠪᠠᠷ ᠳᠠᠮᠵᠢᠭᠤᠯᠤᠨ ᠠᠵᠢᠯ ᠮᠡᠷᠭᠡᠵᠢᠯ ᠤᠨ ᠰᠠᠭᠤᠷᠢ ᠪᠠᠨ ᠪᠠᠲᠤᠳᠬᠠᠵᠤ᠂ ᠠᠬᠤᠢ ᠣᠷᠴᠢᠨ ᠤ ᠳᠠᠭᠤᠷᠢᠶᠠᠯ ᠪᠣᠯᠪᠠᠰᠤᠷᠠᠯ ᠢᠶᠠᠷ ᠳᠠᠮᠵᠢᠭᠤᠯᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠭᠡ ᠬᠡᠯᠡ ᠪᠠᠷ ᠢᠯᠡᠳᠬᠡᠬᠦ᠂ ᠦᠢᠯᠡᠳᠦᠯᠴᠡᠬᠦ ᠤᠷ᠎ᠠ ᠮᠡᠷᠭᠡᠵᠢᠯ ᠵᠢᠴᠢ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠵᠡᠷᠭᠡ ᠭᠤᠣᠯ ᠤᠷ᠎ᠠ ᠴᠢᠳᠠᠪᠤᠷᠢ ᠶᠢ ᠤᠯᠠᠮᠵᠢᠯᠠᠪᠠ︔  ᠵᠢᠭᠤᠯᠴᠢᠯᠡᠯ ᠤᠨ ᠭᠦᠳᠤᠴᠢ‌‍ᠶᠢᠨ ᠦᠭᠡ ᠬᠡᠯᠡ ᠵᠣᠬᠢᠶᠠᠨ ᠪᠦᠲᠦᠭᠡᠬᠦ ᠭᠤᠭᠴᠤᠭ᠎ᠠ ᠳᠤ᠂ ᠮᠧᠩ ᠵᠧᠨ ᠭᠤᠷᠪᠠᠨ ᠬᠡᠰᠡᠭ ᠬᠡᠯᠪᠡᠷᠢ᠂ ᠭᠤᠣᠯ ᠰᠡᠳᠦᠪ ᠂ 1 + N ᠵᠡᠷᠭᠡ ᠵᠢᠭᠠᠨ ᠰᠤᠷᠭᠠᠯᠲᠠ ᠶᠢᠨ ᠠᠷᠭ᠎ᠠ ᠶᠢ ᠠᠰᠢᠭᠯᠠᠵᠤ᠂ ᠵᠤᠭᠠᠴᠠᠭᠰᠠᠳ ᠢ ᠬᠥᠲᠥᠯᠥᠨ ᠵᠢᠯᠣᠭᠤᠳᠴᠤ ᠪᠠᠶᠢᠭᠠᠳ ᠰᠣᠶᠣᠯ ᠤᠨ ᠮᠡᠳᠡᠯᠭᠡ ᠶᠢ ᠰᠣᠨᠢᠷᠬᠠᠭᠤᠯᠵᠤ᠂ ᠦᠬᠠᠢ ᠨᠠᠭᠤᠷ ᠤᠨ ᠠᠮᠢ ᠠᠬᠤᠢ ᠶᠢ ᠵᠠᠰᠠᠬᠤ ᠢᠨᠵᠧᠨᠧᠷᠢᠩ ᠤᠨ ᠲᠤᠬᠠᠢ ᠶᠢᠨ ᠭᠠᠵᠠᠷ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠡᠷᠳᠡᠮ ᠰᠢᠨᠵᠢᠯᠡᠭᠡᠨ ᠤ ᠭᠦᠨᠴᠡ ᠪᠠ ᠤᠯᠠᠮᠵᠢᠯᠠᠨ ᠲᠠᠷᠬᠠᠭᠠᠬᠤ ᠦᠷ᠎ᠡ ᠪᠦᠲᠦᠮᠵᠢ ᠶᠢ ᠪᠦᠷᠢᠳᠦᠭᠦᠯᠦᠭᠰᠡᠨ ᠲᠠᠶᠢᠯᠪᠤᠷᠢᠯᠠᠯᠲᠠ ᠶᠢᠨ ᠲᠧᠺᠰ ᠲᠠᠢ ᠤᠶᠠᠯᠳᠤᠭᠤᠯᠤᠨ᠂ ︽ᠮᠢᠩᠭᠠᠨ ᠬᠥᠮᠦᠨ ᠮᠢᠩᠭᠠᠨ ᠨᠢᠭᠤᠷ︾᠎ ᠤᠨ ᠥᠪᠡᠷᠮᠢᠴᠡ ᠲᠠᠶᠢᠯᠪᠤᠷᠢᠯᠠᠯᠲᠠ ᠶᠢᠨ ᠦᠢᠯᠡᠴᠢᠯᠡᠭᠡ ᠶᠢ ᠦᠨᠡᠨ ᠬᠦ ᠪᠡᠶᠡᠯᠡᠭᠦᠯᠪᠡ᠃
640 (15).jpg   
    ᠲᠣᠰ ᠤᠳᠠᠭᠠᠨ ᠤ ᠪᠣᠯᠪᠠᠰᠤᠷᠠᠯ ᠢ ᠬᠠᠶᠢᠷᠤᠪ ᠤᠨ ᠲᠣᠬᠤᠶ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠢ ᠰᠢᠨ᠎ᠡ ᠬᠠᠷᠠᠭᠠᠰᠤ ᠲᠠᠢ᠂ ᠤᠶᠢᠯᠡᠴᠢᠯᠡᠭᠡᠨ ᠤ ᠵᠢᠷᠤᠮᠵᠢᠯ ᠨᠢ ᠰᠢᠨ᠎ᠡ ᠪᠠᠷᠢᠮᠵᠢᠶ᠎ᠠ ᠲᠠᠢ᠂ ᠲᠠᠶᠢᠯᠪᠤᠷᠢᠯᠠᠬᠤ ᠤᠷ᠎ᠠ ᠮᠡᠷᠭᠡᠵᠢᠯ ᠨᠢ ᠰᠢᠨ᠎ᠡ ᠬᠡᠮᠴᠡᠬᠦ︾᠎ ᠪᠠᠷ ᠬᠠᠷᠠᠯᠲᠠ ᠪᠣᠯᠭᠠᠵᠤ᠂ ᠣᠨᠣᠯ ᠪᠠ  ᠤᠶᠢᠯᠡᠳᠤᠯᠭᠡ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠡᠷᠭᠢᠯᠡᠭᠰᠡᠳ ᠤᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠡᠨᠡᠬᠦ ᠲᠦᠷᠦᠯ ᠤᠨ ᠪᠣᠯᠪᠠᠰᠤᠷᠠᠯ ᠢ ᠦᠷᠭᠦᠯᠵᠢᠯᠡᠨ ᠠᠬᠢᠭᠤᠯᠵᠤ᠂ ᠳᠦᠷᠢᠮᠵᠢᠭᠰᠡᠨ᠂ ᠲᠤᠰᠬᠠᠶᠢᠵᠢᠭᠰᠠᠨ ᠦᠢᠯᠡᠴᠢᠯᠡᠭᠡ ᠪᠠᠷ ᠣᠷᠣᠨ ᠪᠦᠰᠡ ᠶᠢᠨ ᠰᠣᠶᠣᠯ ᠵᠤᠭᠠᠴᠠᠯ ᠤᠨ ᠲᠦᠷᠦᠯ ᠲᠡᠮᠳᠡᠭ ᠢ ᠡᠭᠦᠳᠴᠦ᠂ ᠵᠤᠭᠠᠴᠠᠭᠰᠠᠳ ᠲᠤ ᠨᠡᠩ ᠴᠢᠨᠠᠷ ᠰᠠᠶᠢᠲᠠᠢ ᠰᠣᠶᠣᠯ ᠤᠨ ᠣᠶᠢᠯᠠᠭᠠᠯᠲᠠ ᠬᠠᠩᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号