5 ᠰᠠᠷ᠎ᠠ ᠶᠢᠨ 29 ᠤ ᠡᠳᠦᠷ᠂ ᠬᠠᠶᠢᠷᠤᠪ ᠤᠨ ᠲᠤᠬᠤᠢ ᠲᠣᠭᠤᠷᠢᠭ 2025 ᠣᠨ ᠤ ᠪᠣᠯᠪᠠᠰᠤᠨ ᠵᠠᠮ | ᠬᠠᠷᠢᠯᠴᠠᠭᠠᠨ ᠤ ᠲᠤᠰᠬᠠᠢ ᠲᠦᠷᠦᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ | ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠶᠠᠩ | ᠴᠢᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠬᠠᠨ ᠵᠢᠶᠠᠨ ᠬᠤᠸᠠ᠂ ᠬᠤᠲᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠵᠠᠩ ᠰᠢᠶᠤᠤ ᠵᠧᠨ᠂ ᠬᠠᠮᠢᠶ᠎ᠠ | ᠪᠥᠬᠦᠶ ᠨᠢᠭᠡᠴᠡ ᠵᠢᠴᠢ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ | ᠨᠡᠶᠢᠲᠡ 20 ᠭᠠᠷᠤᠶ ᠬᠥᠮᠦᠨ ᠣᠷᠣᠯᠴᠠᠵᠠᠶ᠃ | | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠨᠢᠭᠡᠴᠡ ᠬᠠᠮᠲᠤᠪᠠᠷ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠶᠢᠨ ᠸᠢᠳᠢᠣ᠋ ᠶᠢ ᠦᠵᠡᠭᠰᠡᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠪᠣᠯᠪᠠᠰᠤᠨ ᠵᠠᠮ | ᠬᠠᠷᠢᠯᠴᠠᠭᠠᠨ ᠤ ᠲᠤᠰᠬᠠᠢ ᠲᠦᠷᠦᠯ ᠤᠨ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ ︵ᠰᠠᠨᠠᠯ ᠬᠤᠷᠢᠶᠠᠬᠤ ᠨᠤᠤᠷᠠᠭ︶ | ᠲᠠᠢ ᠤᠶᠠᠯᠳᠤᠭᠤᠯᠵᠤ᠂ ᠰᠠᠨᠠᠯ ᠰᠠᠨᠠᠭᠤᠯᠭ᠎ᠠ ᠳᠤᠷᠠᠳᠴᠤ᠂ ᠲᠥᠰᠦᠯ ᠤᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ | ᠪᠣᠳᠠᠲᠠᠢ ᠳᠤ ᠨᠡᠶᠢᠴᠡᠬᠦ ᠶᠢ ᠪᠠᠲᠤᠯᠠᠪᠠ︔ ᠡᠯ᠎ᠡ ᠬᠤᠯᠪᠣᠭᠳᠠᠯ ᠪᠦᠬᠦᠢ ᠨᠢᠭᠡᠴᠡ ︽ᠪᠣᠯᠪᠠᠰᠤᠨ ᠵᠠᠮ ᠬᠠᠷᠢᠯᠴᠠᠭᠠᠨ ᠤ | ᠲᠤᠰᠬᠠᠢ ᠲᠦᠷᠦᠯ ᠤᠨ ᠳᠡᠭᠡᠭᠰᠢᠯᠡᠭᠦᠯᠬᠦ ᠠᠵᠢᠯᠯᠠᠭ᠎ᠠ︾ ᠶᠢᠨ ᠠᠵᠢᠯ ᠤᠨ ᠪᠠᠶᠢᠳᠠᠯ ᠢᠶᠠᠨ ᠬᠠᠷᠢᠭᠤ ᠲᠤᠰᠬᠠᠪᠠ᠃ | ᠬᠤᠷᠠᠯ ᠠᠴᠠ᠂ ᠪᠣᠯᠪᠠᠰᠤᠨ ᠵᠠᠮ ᠬᠠᠷᠢᠯᠴᠠᠭ᠎ᠠ ᠪᠣᠯ ᠬᠤᠳᠠ ᠶᠢᠨ ᠪᠣᠯᠪᠠᠰᠤᠨ ᠢ ᠢᠯᠡᠷᠡᠭᠦᠯᠬᠦ ᠴᠢᠬᠤᠯᠠ | ᠴᠤᠩᠬᠤᠪᠴᠢ ᠮᠥᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠢ | ᠠᠳᠬᠤᠬᠤ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ ᠠᠳᠬᠤᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ | ᠤᠯᠠᠨ ᠲᠦᠮᠡᠨ ᠤ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠢᠨᠠᠯᠲᠠ ᠲᠠᠯᠪᠢᠬᠤ ᠰᠠᠨᠠᠭᠠᠴᠢᠯᠠᠭᠠᠲᠤ ᠴᠢᠨᠠᠷ ᠢ | ᠬᠥᠭᠵᠢᠭᠡᠵᠦ᠂ ᠪᠣᠯᠪᠠᠰᠤᠨ ᠵᠠᠮ ᠬᠠᠷᠢᠯᠴᠠᠭᠠᠨ ᠤ ᠤᠯᠠᠨ ᠲᠦᠮᠡᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠣᠳᠣᠬᠠᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠳᠤᠮᠳᠠᠬᠢ ᠬᠦᠴᠢᠷᠳᠡᠯ᠂ ᠡᠪᠡᠷᠰᠢᠶᠡᠯ ᠲᠠᠢ ᠠᠰᠠᠭᠤᠳᠠᠯ ᠳᠤ ᠴᠢᠭᠯᠡᠭᠦᠯᠦᠨ᠂ | ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠲᠡᠷᠭᠡ᠂ | ᠬᠠᠮᠲᠤ ᠪᠠᠷ ᠡᠳ᠋ᠯᠡᠬᠦ ᠳᠤᠭᠤᠶ ᠲᠡᠷᠭᠡᠨ ᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ᠵᠠᠯᠠᠭᠤᠴᠤᠳ ᠪᠠᠭᠠᠴᠤᠳ᠂ | ᠲᠦᠷᠭᠡᠨ ᠬᠦᠷᠭᠡᠭᠴᠢ ᠵᠡᠷᠭᠡ ᠭᠤᠤᠯᠳᠠᠯᠭ᠎ᠠ ᠲᠠᠢ ᠬᠥᠮᠦᠰ ᠢ ᠤᠬᠠᠭᠤᠯᠵᠤ ᠬᠥᠲᠥᠯᠦᠨ ᠵᠢᠯᠣᠭᠤᠳᠬᠤ ᠶᠢ | ᠴᠢᠩᠭᠠᠳᠬᠠᠵᠤ᠂ ᠰᠤᠷᠤᠯᠭ᠎ᠠ ᠶᠢ ᠬᠠᠮᠠᠭᠠᠯᠠᠬᠤ ᠰᠠᠭᠠᠳ ᠥᠬᠡᠶ ᠨᠡᠪᠲᠡᠷᠡᠬᠦ ᠵᠠᠮ ᠢ ᠪᠣᠶ ᠪᠣᠯᠭᠠᠵᠤ᠂ ᠵᠠᠮ | ᠬᠠᠷᠢᠯᠴᠠᠭᠠᠨ ᠤ ᠵᠠᠰᠠᠯᠲᠠ ᠶᠢ ᠭᠦᠨᠵᠡᠭᠡᠶᠢᠷᠡᠭᠦᠯᠦᠨ᠂ ᠪᠣᠯᠪᠠᠰᠤᠨ ᠢᠶᠠᠷ ᠶᠠᠪᠤᠵᠤ ᠰᠠᠭᠤᠬᠤ ᠳᠠᠳᠬᠠᠯ ᠢ ᠪᠣᠶ | ᠪᠣᠯᠭᠠᠬᠤ ᠶᠢ ᠠᠬᠢᠭᠤᠯᠤᠨ᠎ᠠ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠴᠠᠭ | ᠲᠤᠬᠠᠶ ᠳᠤᠨᠢ ᠰᠢᠢᠳᠪᠦᠷᠢᠯᠡᠵᠦ᠂ ᠪᠣᠯᠪᠠᠰᠤᠨ ᠵᠠᠮ ᠬᠠᠷᠢᠯᠴᠠᠭ᠎ᠠ ᠶᠢ ᠬᠤᠲᠠ ᠶᠢᠨ ᠬᠠᠮᠤᠭ ᠤᠨ ᠭᠤᠶᠣ ᠦᠵᠡᠮᠵᠢ ᠶᠢᠨ | ᠣᠷᠣᠨ ᠪᠣᠯᠭᠠᠨ᠎ᠠ ᠭᠡᠵᠤ ᠴᠢᠬᠤᠯᠠᠴᠢᠯᠠᠪᠠ᠃ | |