ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠨᠠᠮ ᠵᠠᠰᠠᠭ ᠤᠨ ᠶᠣᠰᠣᠯᠠᠯ ᠤᠨ ᠲᠠᠩᠬᠢᠮ ᠳᠤ ᠬᠠᠶᠢᠷᠤᠪ ᠤᠨ ᠲᠣᠬᠤᠶ ᠲᠣᠭᠤᠷᠢᠭ ᠤᠨ 2025 ᠣᠨ ᠤ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠰᠢᠯᠭᠠᠯᠲᠠ ᠠᠴᠠ ᠡᠮᠦᠨᠡᠬᠢ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2025/5/6
    ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠨᠡᠶᠢᠭᠡᠮ ᠤᠨ ᠠᠵᠢᠯ ᠤᠨ ᠠᠵᠢᠯ ᠡᠷᠭᠢᠯᠡᠭᠰᠡᠳ ᠤᠨ ᠲᠤᠰᠬᠠᠶ ᠮᠡᠷᠭᠡᠵᠢᠯ ᠤᠨ ᠴᠢᠳᠠᠪᠤᠷᠢ ᠪᠣᠯᠤᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠰ ᠤᠨ ᠥᠨᠳᠥᠷ ᠪᠦᠲᠦᠮᠵᠢᠲᠡᠶ ᠪᠠᠷ ᠰᠢᠯᠭᠠᠯᠲᠠ ᠳᠤ ᠪᠡᠯᠡᠳᠬᠡᠬᠦ ᠳᠤ ᠬᠦᠴᠦᠨ ᠨᠡᠮᠡᠷᠢᠯᠡᠵᠦ᠂ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠨᠡᠪᠲᠡᠷᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ ᠂ ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠨᠠᠮ ᠵᠠᠰᠠᠭ ᠤᠨ ᠶᠣᠰᠣᠯᠠᠯ ᠤᠨ ᠲᠠᠩᠬᠢᠮ ᠳᠤ ᠬᠠᠶᠢᠷᠤᠪ ᠤᠨ ᠲᠣᠬᠤᠶ ᠲᠣᠭᠤᠷᠢᠭ ᠤᠨ 2025 ᠣᠨ ᠤ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠰᠢᠯᠭᠠᠯᠲᠠ ᠠᠴᠠ ᠡᠮᠦᠨᠡᠬᠢ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠬᠠᠶᠢᠷᠤᠪ ᠤᠨ ᠲᠣᠬᠤᠶ ᠲᠣᠭᠤᠷᠢᠭ ᠤᠨ ᠳᠡᠭᠡᠳᠦ ᠵᠡᠷᠭᠡ ᠶᠢᠨ ᠨᠡᠶᠢᠭᠡᠮ ᠤᠨ ᠠᠵᠢᠯᠯᠠᠬᠤ ᠲᠠᠰᠤᠭ ᠤᠨ ᠯᠧᠺᠲ᠋ᠣᠷ ᠸᠠᠩ ᠬᠤᠩ ᠢ ᠣᠨᠴᠠᠭᠠᠶᠢᠯᠠᠨ ᠤᠷᠢᠵᠤ᠂ ᠰᠢᠯᠭᠠᠯᠲᠠ ᠠᠴᠠ ᠡᠮᠦᠨᠡᠬᠢ ᠥᠨᠳᠥᠷ ᠪᠦᠲᠦᠮᠵᠢᠲᠡᠶ ᠰᠢᠯᠭᠠᠯᠲᠠ ᠳᠤ ᠪᠡᠯᠡᠳᠬᠡᠬᠦ ᠠᠷᠭ᠎ᠠ ᠵᠢᠴᠢ ᠭᠤᠤᠯᠳᠠᠯᠭ᠎ᠠ ᠲᠠᠢ ᠰᠤᠷᠤᠯᠴᠠᠯᠭ᠎ᠠ ᠶᠢᠨ ᠪᠦᠯᠦᠭ ᠬᠡᠰᠡᠭ ᠤᠨ ᠲᠣᠭᠤᠷᠢᠨ ᠳᠤ ᠲᠠᠶᠢᠯᠤᠮᠵᠢ ᠬᠢᠵᠦ᠂ ᠡᠯ᠎ᠡ ᠨᠡᠶᠢᠭᠡᠮ ᠲᠣᠭᠤᠷᠢᠭ ᠤᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃
640.jpg   
    ᠪᠣᠯᠪᠠᠰᠤᠷᠠᠯ ᠤᠨ ᠳᠤᠮᠳᠠ᠂ ᠸᠠᠩ ᠬᠤᠩ ᠪᠠᠭᠰᠢ ᠪᠣᠳᠠᠲᠤ ᠪᠠᠶᠢᠯᠳᠤᠭᠠᠨ ᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠥᠨᠳᠥᠷ ᠪᠦᠲᠦᠮᠵᠢᠲᠡᠶ ᠰᠢᠯᠭᠠᠯᠲᠠ ᠶᠢᠨ ᠤᠷ᠎ᠠ ᠮᠡᠷᠭᠡᠵᠢᠯ ᠤᠯᠠᠮᠵᠢᠯᠠᠵᠤ᠂ 2025 ᠣᠨ ᠤ ᠰᠢᠯᠭᠠᠯᠲᠠ ᠶᠢᠨ ᠬᠥᠲᠥᠯᠪᠦᠷᠢ ᠲᠠᠢ ᠨᠢᠭᠲᠠ ᠤᠶᠠᠯᠳᠤᠭᠤᠯᠤᠨ᠂ ᠰᠢᠨ᠎ᠡ ᠪᠠᠷ ᠨᠡᠮᠡᠭᠳᠡᠭᠰᠡᠨ ᠰᠢᠯᠭᠠᠯᠲᠠ ᠶᠢᠨ ᠴᠡᠭ ᠢ ᠭᠦᠨᠵᠡᠭᠡᠶ ᠵᠠᠳᠠᠯᠵᠤ᠂ ᠥᠩᠭᠡᠷᠡᠭᠰᠡᠨ ᠵᠢᠯ ᠤᠨ ᠰᠢᠯᠭᠠᠯᠲᠠ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠣᠨᠣᠪᠴᠢᠲᠠᠶ ᠠᠩᠬᠠᠷᠤᠯ ᠢᠶᠠᠨ ᠲᠥᠪᠯᠡᠷᠡᠭᠦᠯᠦᠨ᠂ ᠰᠢᠰᠲ᠋ᠧᠮᠵᠢᠭᠰᠡᠨ ᠵᠢᠭᠠᠨ ᠰᠤᠷᠭᠠᠯᠲᠠ ᠪᠠᠷ ᠳᠠᠮᠵᠢᠭᠤᠯᠤᠨ᠂ ᠰᠢᠯᠭᠠᠭᠤᠯᠤᠭᠴᠢᠳ ᠤᠨ ᠰᠠᠭᠤᠷᠢ ᠶᠢ ᠪᠠᠲᠤᠳᠬᠠᠬᠤ ᠳᠤ ᠬᠦᠴᠦᠨ ᠨᠡᠮᠡᠷᠢᠯᠡᠵᠦ᠂ ᠰᠢᠯᠭᠠᠯᠲᠠ ᠳᠤ ᠣᠷᠣᠯᠴᠠᠬᠤ ᠴᠢᠳᠠᠪᠤᠷᠢ ᠪᠠ ᠪᠣᠳᠠᠲᠤ ᠶᠠᠪᠤᠳᠠᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ ᠰᠤᠷᠤᠭᠴᠢᠳ ᠨᠠᠷᠢᠨ ᠬᠢᠨᠠᠮᠠᠭᠠᠶ ᠰᠣᠨᠣᠰᠴᠤ᠂ ᠢᠳᠡᠪᠬᠢᠲᠡᠶ ᠬᠥᠳᠡᠯᠦᠯᠴᠡᠵᠦ᠂ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠲᠡᠭᠦᠯᠳᠡᠷ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠰᠢᠯᠭᠠᠯᠲᠠ ᠶᠢᠨ ᠬᠥᠲᠥᠯᠪᠦᠷᠢ ᠶᠢ ᠨᠠᠷᠢᠯᠢᠭ ᠣᠨᠣᠴᠠᠲᠠᠶ ᠲᠠᠶᠢᠯᠪᠤᠷᠢᠯᠠᠵᠤ᠂ ᠤᠷ᠎ᠠ ᠮᠡᠷᠭᠡᠵᠢᠯ ᠪᠣᠳᠠᠲᠤ ᠬᠡᠷᠡᠭᠴᠡᠭᠡ ᠲᠠᠢ ᠪᠠᠶᠢᠵᠤ᠂ ᠵᠢᠭᠠᠬᠤ ᠮᠠᠲ᠋ᠧᠷᠢᠶᠠᠯ ᠤᠨ ᠮᠡᠳᠡᠯᠭᠡ ᠶᠢ ᠣᠶᠢᠯᠠᠭᠠᠬᠤ᠂ ᠰᠡᠳᠦᠪ ᠵᠠᠳᠠᠯᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠢᠳᠡᠪᠬᠢᠲᠡᠶ ᠤᠶᠢᠯᠡᠳᠤᠯ ᠦᠵᠡᠭᠦᠯᠪᠡ ᠭᠡᠵᠦ ᠢᠯᠡᠳᠬᠡᠵᠡᠭᠡᠪᠡ᠃    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠶᠠᠮᠤᠨ ᠨᠡᠩ ᠤᠯᠠᠨ ᠴᠢᠨᠠᠷ ᠰᠠᠶᠢᠲᠠᠢ ᠰᠢᠯᠭᠠᠯᠲᠠ ᠳᠤ ᠪᠡᠯᠡᠳᠬᠡᠬᠦ ᠡᠬᠢ ᠪᠠᠶᠠᠯᠢᠭ ᠢ ᠨᠡᠶᠢᠳᠬᠡᠵᠦ᠂ ᠰᠢᠯᠭᠠᠭᠤᠯᠤᠭᠴᠢ ᠳᠤ ᠨᠡᠩ ᠪᠦᠬᠦ ᠲᠠᠯ᠎ᠠ ᠶᠢᠨ᠂ ᠤᠨᠢᠨ ᠳᠡᠭᠡᠷ᠎ᠡ ᠨᠢ ᠳᠡᠮᠵᠢᠬᠦ ᠪᠠ ᠦᠢᠯᠡᠴᠢᠯᠡᠭᠡ ᠬᠠᠩᠭᠠᠵᠤ᠂ ᠬᠥᠮᠦᠵᠢᠭᠦᠯᠬᠦ ᠪᠠᠷ ᠰᠤᠷᠤᠯᠴᠠᠯᠭ᠎ᠠ ᠶᠢ ᠠᠬᠢᠭᠤᠯᠬᠤ᠂ ᠰᠢᠯᠭᠠᠯᠲᠠ ᠪᠠᠷ ᠴᠢᠳᠠᠪᠤᠷᠢ ᠶᠢ ᠳᠡᠭᠡᠭᠰᠢᠯᠡᠭᠦᠯᠬᠦ ᠶᠢ ᠦᠨᠡᠨ ᠬᠦ ᠪᠡᠶᠡᠯᠡᠭᠦᠯᠵᠦ᠂ ᠮᠠᠨ ᠤ ᠲᠤᠭᠤᠷᠢᠭ ᠤᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠤᠨ ᠠᠵᠢᠯᠳᠠᠨ ᠤ ᠡᠩᠨᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号