ᠬᠠᠶᠢᠷᠤᠪ ᠤᠨ ᠲᠤᠬᠤᠢ ᠲᠣᠭᠤᠷᠢᠭ ᠤᠨ ᠬᠢᠨ ᠭᠤᠣᠯ ᠰᠡᠳᠦᠪᠲᠦ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/7
    ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ︽︿ᠬᠠᠮᠤᠭ ᠤᠨ ᠭᠤᠶᠤ ᠨᠤᠲᠤᠭ ᠤᠰᠤᠨ ᠤ ᠣᠷᠣᠯᠠᠨ ᠥᠭᠦᠯᠡᠭᠴᠢ ᠪᠣᠯᠬᠤ﹀ ᠭᠤᠣᠯ ᠰᠡᠳᠦᠪᠲᠦ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠲᠤᠰ ᠤᠳᠠᠭᠠᠨ ᠤ ᠠᠵᠢᠯᠯᠠᠭ᠎ᠠ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠢᠶᠠᠨ ᠬᠠᠶᠢᠷᠠᠯᠠᠬᠤ ᠠᠴᠢ ᠡᠨᠡᠷᠢᠯ ᠳᠤ ᠲᠠᠯᠠᠷᠬᠠᠬᠤ᠂ ᠦᠢᠯᠡᠳᠦᠯᠭᠡ ᠭᠡᠬᠦ ᠭᠤᠷᠪᠠᠨ ᠶᠡᠭᠡ ᠭᠤᠣᠯ ᠴᠥᠮ᠎ᠡ ᠶᠢᠨ ᠲᠣᠭᠤᠷᠢᠨ ᠳᠤ ᠪᠠᠭᠠᠴᠤᠳ ᠲᠤ ᠠᠮᠢᠳᠤᠯᠢᠭ ᠪᠥᠭᠡᠳ ᠪᠣᠰᠤᠭ᠎ᠠ ᠴᠣᠭᠴᠠᠲᠤ ᠦᠰᠦᠨ ᠪᠤᠶᠢᠵᠢᠯᠲᠠ ᠶᠢᠨ ᠦᠢᠯᠡᠳᠦᠯᠭᠡ ᠶᠢᠨ ᠬᠢᠴᠢᠶᠡᠯ ᠢ ᠪᠠᠶᠢᠭᠤᠯᠪᠠ᠃
640 (4).png   
    ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠭᠤᠤᠯ ᠰᠡᠳᠦᠪᠲᠦ ᠬᠦᠷᠢᠶᠡᠯᠡᠩ ᠳᠤ᠂ ᠰᠤᠷᠤᠭᠴᠢᠳ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠴᠡᠷᠢᠭ ᠤᠨ ᠶᠠᠪᠤᠳᠠᠯ ᠤᠨ ᠲᠣᠨᠤᠭ ᠲᠥᠬᠦᠭᠡᠷᠦᠮᠵᠢ ᠶᠢ ᠲᠣᠭᠤᠷᠢᠨ ᠦᠵᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠡᠤᠬᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠥᠩᠭᠡᠷᠡᠯᠲᠡ ᠶᠢ  ᠤᠶᠢᠯᠭᠠᠵᠤ᠂ ᠨᠠᠷᠢᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠰᠤᠷᠤᠭᠴᠢᠳ ᠢ ᠬᠠᠪᠰᠤᠷᠤᠨ ᠤᠯᠤᠰ ᠤᠨ ᠠᠮᠤᠷ ᠲᠦᠪᠰᠢᠨ ᠤ ᠲᠤᠬᠠᠶ ᠲᠠᠨᠢᠯᠲᠠ ᠶᠢ ᠰᠢᠭᠤᠳ ᠣᠶᠢᠯᠠᠭᠠᠭᠤᠯᠪᠠ᠃
640 (5).png
640 (6).png
     ᠬᠠᠮᠲᠤ ᠶᠢᠨ ᠤᠷᠠᠨ ᠤᠩᠰᠢᠯᠭ᠎ᠠ᠂ ᠨᠡᠶᠢᠲᠡᠯᠢᠭ ᠬᠥᠮᠦᠰ ᠤᠨ ᠦᠢᠯᠡ ᠶᠠᠪᠤᠳᠠᠯ ᠢ ᠬᠤᠪᠢᠶᠠᠯᠴᠠᠬᠤ ᠪᠠᠷ ᠳᠠᠮᠵᠢᠭᠤᠯᠤᠨ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠬᠥᠭᠵᠢᠯᠲᠡ ᠶᠢᠨ ᠥᠩᠭᠡᠷᠡᠯᠲᠡ ᠶᠢ ᠡᠷᠭᠢᠴᠡᠭᠦᠯᠵᠦ᠂ ᠠᠬᠠᠮᠠᠳ ᠦᠶ᠎ᠡ ᠶᠢᠨ ᠬᠢᠨ ᠤ ᠲᠡᠮᠡᠴᠡᠯ ᠤᠨ ᠵᠣᠷᠢᠭ ᠰᠠᠨᠠᠭ᠎ᠠ ᠶᠢ ᠣᠶᠢᠯᠠᠭᠠᠭᠤᠯᠤᠨ᠎ᠠ︔ ᠰᠤᠷᠤᠭᠴᠢᠳ ᠵᠠᠬᠢᠳᠠᠯ ᠪᠢᠴᠢᠭ᠂ ᠵᠢᠷᠤᠭ ᠵᠢᠷᠤᠬᠤ ᠵᠡᠷᠭᠡ ᠬᠡᠯᠪᠡᠷᠢ ᠪᠠᠷ ᠠᠴᠢ ᠬᠠᠷᠢᠭᠤᠯᠠᠬᠤ ᠰᠡᠳᠬᠢᠯᠭᠡ ᠪᠠᠨ ᠢᠯᠡᠳᠬᠡᠵᠦ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ ᠰᠡᠳᠬᠢᠯᠭᠡ ᠶᠢ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠪᠠ᠃
640 (7).png
640 (8).png
    ᠴᠡᠷᠢᠭ ᠤᠨ ᠶᠠᠪᠤᠳᠠᠯ ᠤᠨ ᠲᠠᠪᠤᠨ ᠵᠦᠢᠯ᠂ ᠪᠥᠮᠪᠦᠭᠡ ᠬᠠᠶᠠᠬᠤ ᠪᠣᠯᠪᠠᠰᠤᠷᠠᠯ ᠵᠡᠷᠭᠡ ᠪᠣᠳᠠᠲᠤ ᠲᠠᠮᠢᠷ ᠤᠨ ᠬᠢᠴᠢᠶᠡᠯ ᠤᠨ ᠳᠤᠮᠳᠠ᠂ ᠪᠠᠭᠠᠴᠤᠳ ᠤᠨ ᠰᠢᠰᠲ᠋ᠧᠮ ᠲᠠᠢ ᠴᠡᠷᠢᠭ ᠤᠨ ᠶᠠᠪᠤᠳᠠᠯ ᠤᠨ ᠤᠷ᠎ᠠ ᠮᠡᠷᠭᠡᠵᠢᠯ ᠢ ᠰᠤᠷᠤᠯᠴᠠᠪᠠ᠃ ᠪᠠᠷᠢᠮᠵᠢᠶᠠᠲᠤ ᠴᠡᠷᠢᠭ ᠤᠨ ᠳᠦᠷᠢ ᠲᠥᠷᠬᠦ ᠶᠢᠨ ᠪᠣᠯᠪᠠᠰᠤᠷᠠᠯ ᠠᠴᠠ ᠳᠠᠭᠤᠷᠢᠶᠠᠮᠠᠯ ᠲᠡᠶᠢᠨ ᠤ ᠲᠠᠯᠠᠪᠤᠷ ᠤᠨ ᠬᠠᠷᠰᠢ ᠰᠠᠭᠠᠳ ᠲᠠᠢ ᠥᠷᠢᠰᠦᠯᠳᠦᠭᠡᠨ ᠢ ᠳᠠᠭᠤᠷᠢᠶᠠᠬᠤ ᠬᠦᠷᠲᠡᠯ᠎ᠡ᠂ ᠳᠦᠷᠢᠮᠵᠢᠭᠰᠡᠨ ᠬᠥᠳᠡᠯᠭᠡᠭᠡᠨ ᠠᠴᠠ ᠪᠦᠯᠬᠦᠮ ᠨᠡᠶᠢᠲᠡ ᠶᠢᠨ ᠬᠠᠮᠵᠢᠯᠴᠠᠬᠤ ᠡᠭᠦᠷᠭᠡ ᠬᠦᠷᠲᠡᠯ᠎ᠡ᠂ ᠬᠢᠴᠢᠶᠡᠯ ᠳᠤ ᠰᠠᠬᠢᠯᠭ᠎ᠠ ᠪᠠᠲᠤ ᠶᠢᠨ ᠤᠬᠠᠮᠰᠠᠷ᠂ ᠪᠡᠶ᠎ᠡ ᠮᠠᠬᠠᠪᠣᠳ ᠤᠨ ᠪᠣᠯᠪᠠᠰᠤᠷᠠᠯ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠲᠠᠢ ᠭᠦᠨᠵᠡᠭᠡᠢ ᠠᠭᠤᠰᠤᠯᠴᠠᠭᠤᠯᠤᠨ᠎ᠠ᠃
640 (9).png
640 (10).png
    ᠭᠡᠷ ᠤᠨ ᠭᠠᠳᠠᠨᠠᠬᠢ ᠬᠠᠳᠠ ᠠᠪᠠᠷᠢᠬᠤ ᠨᠢ ᠪᠡᠶ᠎ᠡ ᠶᠢᠨ ᠴᠢᠳᠠᠪᠤᠷᠢ ᠪᠠ ᠰᠡᠳᠭᠢᠴᠡ ᠶᠢᠨ ᠬᠡᠪ ᠴᠢᠨᠠᠷ ᠤᠨ ᠳᠠᠪᠬᠤᠷ  ᠰᠢᠯᠭᠠᠯᠲᠠ ᠶᠢ ᠲᠣᠬᠢᠷᠠᠭᠤᠯᠵᠠᠢ᠃ ᠰᠤᠷᠤᠭᠴᠢᠳ ᠠᠭᠠᠷ ᠮᠠᠨᠳᠠᠯ ᠤᠨ ᠰᠦᠷᠳᠡᠭᠦᠯᠦᠯ ᠢ ᠢᠯᠠᠨ ᠳᠠᠪᠠᠵᠤ ᠬᠠᠳᠠ ᠠᠪᠠᠷᠢᠬᠤ ᠥᠷᠢᠰᠦᠯᠳᠦᠭᠡᠨ ᠢ ᠪᠡᠶᠡᠯᠡᠭᠦᠯᠪᠡ᠃ ︽ᠢᠯᠠᠭᠳᠠᠰᠢ ᠦᠭᠡᠢ ᠭᠠᠯ ᠬᠦᠷᠳᠦ︾ ᠶᠢᠨ ᠳᠤᠮᠳᠠ ᠪᠦᠯᠬᠦᠮ ᠨᠡᠶᠢᠲᠡ ᠶᠢᠨ ᠬᠠᠮᠵᠢᠯᠴᠠᠭ᠎ᠠ ᠪᠠᠷ ᠳᠠᠮᠵᠢᠭᠤᠯᠤᠨ ᠬᠠᠷᠰᠢ ᠰᠠᠭᠠᠳ ᠢ ᠳᠠᠪᠠᠵᠤ᠂ ᠵᠣᠷᠢᠭᠲᠠᠶ ᠪᠠᠷ ᠥᠪᠡᠷ ᠢ ᠪᠠᠨ ᠥᠷᠢᠰᠦᠯᠳᠦᠬᠦ᠂ ᠪᠦᠯᠬᠦᠮᠳᠡᠨ ᠬᠠᠪᠰᠤᠷᠤᠯᠴᠠᠬᠤ ᠰᠠᠶᠢᠨ ᠰᠠᠶᠢᠬᠠᠨ ᠵᠠᠩ ᠴᠢᠨᠠᠷ ᠢ ᠭᠦᠢᠴᠡᠳ ᠢᠯᠡᠷᠡᠭᠦᠯᠪᠡ᠃
640 (12).png
640 (11).png
     ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠤᠨ ᠦᠢᠯᠡᠳᠦᠯᠭᠡ ᠶᠢᠨ ᠳᠠᠪᠲᠠᠯᠲᠠ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠬᠠᠮᠲᠤ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠣᠯᠤᠨ ᠤᠯᠤᠰ ᠢᠶᠠᠨ ᠬᠠᠶᠢᠷᠠᠯᠠᠬᠤ ᠤᠬᠠᠮᠰᠠᠷ ᠢ ᠪᠦᠲᠦᠮᠵᠢᠲᠡᠶ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ ᠲᠣᠰ ᠤᠳᠠᠭᠠᠨ ᠤ ᠠᠵᠢᠯᠯᠠᠭ᠎ᠠ ᠶᠢ ᠦᠬᠠᠶ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠵᠢᠯᠣᠭᠤᠳᠴᠤ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠬᠠᠮᠲᠤ ᠪᠠᠷ ᠳᠠᠭᠠᠭᠠᠴᠢᠯᠠᠨ ᠡᠷᠬᠢᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号