ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/1
    5 ᠰᠠᠷ᠎ᠠ ᠶᠢᠨ 30᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ︾ ᠪᠣᠯᠤᠨ ︽ᠨᠠᠢᠮᠠᠨ ᠲᠣᠭᠲᠠᠭᠠᠯ ᠢᠶᠠᠷ ᠳᠤᠮᠳᠠᠳᠤ ᠤᠯᠤᠰ ᠢ ᠬᠤᠪᠢᠷᠠᠭᠤᠯᠬᠤ︾ ᠵᠡᠷᠭᠡ ᠠᠭᠤᠯᠭ᠎ᠠ ᠶᠢ ᠪᠢᠴᠢᠭ ᠢᠶᠠᠷ ᠤᠯᠠᠮᠵᠢᠯᠠᠨ ᠰᠤᠷᠤᠯᠴᠠᠭᠰᠠᠨ ᠪᠥᠭᠡᠳ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠠᠮᠢᠶ᠎ᠠ ᠪᠦᠬᠦᠢ ᠠᠭᠤᠯᠭ᠎ᠠ ᠶᠢᠨ ᠲᠣᠭᠤᠷᠢᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠭᠦᠸᠧ ᠢ ᠵᠢᠶᠧ ᠬᠡᠯᠡᠬᠦ ᠳᠡᠭᠡᠨ᠂ ᠡᠯ᠎ᠡ ᠱᠠᠲᠤᠨ ᠤ ᠤᠳᠤᠷᠢᠳᠬᠤ ᠺᠠᠳ᠋ᠷ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠵᠥᠪ ᠣᠨᠣᠪᠴᠢᠲᠠᠢ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠦᠵᠡᠯ ᠰᠠᠨᠠᠭᠠᠨ ᠤ ᠲᠠᠯ᠎ᠠ ᠠᠴᠠ ᠳᠣᠲᠣᠭᠠᠳᠤ ᠰᠢᠯᠲᠠᠭᠠᠨ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠢ᠃ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠶᠢ ᠴᠢᠩᠭᠠᠳᠬᠠᠵᠤ᠂ ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠰᠢᠮᠳᠠᠭᠤᠯᠬᠤ︾᠎ ᠶᠢ ᠨᠢᠭᠡ ᠴᠤᠭᠴᠠᠵᠢᠭᠤᠯᠤᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠤᠳᠠ ᠶᠢᠨ ᠲᠣᠭᠤᠷᠢᠭ ᠤᠨ ᠵᠠᠰᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠪᠠᠭᠤᠷᠠᠢ ᠭᠤᠭᠴᠤᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠱᠠᠳᠤᠴᠢ ᠴᠢᠨᠠᠷᠲᠠᠢ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠴᠠᠭ ᠲᠤᠨᠢ ᠲᠤᠬᠢᠷᠠᠭᠤᠯᠤᠨ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠲᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠠᠮᠲᠤᠷᠠᠯ ᠬᠦᠴᠦᠨ ᠢ ᠨᠢᠭᠲᠠᠷᠠᠭᠤᠯᠵᠤ᠂ ᠰᠠᠯᠠᠭ᠎ᠠ ᠮᠥᠴᠢᠷ ᠨᠢᠭᠡᠴᠢ ᠢᠯᠠᠩᠭᠤᠶ᠎ᠠ ᠭᠤᠣᠯ ᠬᠠᠷᠢᠭᠤᠴᠠᠯᠭᠠᠲᠠᠨ ᠨᠥᠬᠦᠳ ᠴᠠᠭ ᠢᠮᠠᠭᠲᠠ ᠰᠠᠨᠠᠭ᠎ᠠ ᠠᠮᠤᠷ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠨᠡᠨ ᠬᠦ ᠴᠢᠩᠭ᠎ᠠ ᠠᠳᠬᠤᠨ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ︔ ᠠᠵᠢᠯ ᠤᠨ ᠦᠷ᠎ᠡ ᠪᠦᠲᠦᠮᠵᠢ ᠶᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠳᠡᠭᠡᠷ᠎ᠡ ᠢᠯᠡᠷᠡᠭᠦᠯᠵᠦ᠂ ᠠᠷᠠᠳ ᠤᠨ ᠠᠮᠢᠳᠤᠷᠠᠯ ᠤᠨ ᠠᠵᠢᠯ ᠢ ᠦᠨᠡᠨ ᠬᠦ ᠪᠣᠳᠠᠲᠠᠢ ᠰᠠᠶᠢᠲᠤᠷ ᠬᠢᠬᠦ ᠬᠡᠷᠡᠭᠲᠡᠢ ᠭᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号