ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ 157 ᠳ᠋ᠤᠭᠠᠷ ︵ᠥᠷᠭᠡᠳᠬᠡᠭᠰᠡᠨ︶ ᠬᠤᠷᠠᠯ ᠵᠢᠴᠢ 2025 ᠣᠨ ᠤ ᠨᠢᠭᠡᠳᠦᠭᠡᠷ | ᠤᠳᠠᠭᠠᠨ ᠤ ᠲᠤᠭᠤᠷᠢᠭ ᠤᠨ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠬᠤᠷᠠᠯ ᠬᠤᠷᠠᠯᠳᠤᠪᠠ᠃ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠣᠬᠢᠶᠠᠯ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠳᠦᠬᠡᠨ ᠪᠠᠶᠢᠭᠤᠯᠬᠤ︾ ᠶᠢ ᠤᠯᠠᠮᠵᠢᠯᠠᠨ | ᠰᠤᠷᠤᠯᠴᠠᠪᠠ︔ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ | ᠰᠢᠢᠳᠪᠦᠷᠢᠯᠡᠬᠦ ᠶᠠᠪᠤᠳᠠᠯ ᠵᠡᠷᠭᠡ ᠠᠭᠤᠯᠭ᠎ᠠ ᠶᠢ ᠰᠤᠳᠤᠯᠪᠠ︔ ︽ᠲᠤᠭᠤᠷᠢᠭ ᠤᠨ 2025 ᠣᠨ ᠤ ᠤᠢ | ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠭᠤᠣᠯᠳᠠᠯᠭ᠎ᠠ ︵ᠬᠢᠨᠠᠨ ᠵᠥᠪᠯᠡᠬᠦ ᠨᠤᠤᠷᠠᠭ︶︾ ᠶᠢ | ᠰᠤᠳᠤᠯᠤᠨ ᠬᠢᠨᠠᠨ ᠵᠥᠪᠯᠡᠭᠰᠡᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠭᠦᠸᠧ ᠢ ᠵᠢᠶᠧ ᠬᠡᠯᠡᠭᠰᠡᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠡᠷᠦᠩᠬᠡᠢ ᠱᠦᠵᠢ | ᠰᠢ ᠶᠢᠨ ᠫᠢᠩ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ | ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠭᠴᠢᠳ ᠤᠨ ᠶᠣᠰᠣ | ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠢ᠃ ᠪᠦᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷ | ᠬᠠᠷᠢᠭᠤᠴᠠᠯᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠤᠳᠠᠭᠠᠨ᠂ ᠪᠦᠳᠦᠭᠦᠯᠢᠭ᠂ | ᠬᠠᠭᠤᠷᠮᠠᠭ︾ ᠪᠠᠶᠢᠬᠤ ᠠᠰᠠᠭᠤᠳᠠᠯ ᠢ ᠡᠷᠡᠰ ᠬᠤᠷᠢᠭᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ | ᠬᠡᠪ ᠢᠶᠠᠷ ᠨᠢ ᠰᠠᠶᠢᠲᠤᠷ ᠠᠳᠬᠤᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠢ | ᠪᠢᠲᠡᠭᠦᠮᠵᠢᠯᠡᠵᠦ ᠳᠡᠶᠢᠯᠬᠦ ᠶᠢ ᠪᠠᠲᠤᠯᠠᠬᠤ ᠬᠡᠷᠡᠭᠲᠡᠢ︔ ᠬᠢᠨᠠᠯᠲᠠ ᠲᠠᠯᠪᠢᠬᠤ ᠲᠣᠭᠲᠠᠴᠠ ᠶᠢ ᠴᠢᠩᠭᠠᠤᠡᠬᠠᠬᠤ ᠬᠡᠷᠡᠭᠲᠡᠶ᠃ | ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ | ᠤᠯᠤᠰ ᠲᠦᠷᠦ ᠶᠢᠨ ᠬᠤᠣᠷ ᠬᠥᠨᠥᠭᠡᠯ ᠢ ᠭᠦᠨᠵᠡᠭᠡᠢ ᠲᠠᠨᠢᠵᠤ᠂ ᠠᠮᠢᠳᠤᠷᠠᠯ ᠤᠨ ᠬᠦᠷᠢᠶ᠎ᠡ ᠶᠢ ᠪᠠᠲᠤ ᠰᠠᠬᠢᠵᠤ᠂ | ᠢᠳᠡᠵᠦ ᠤᠤᠭᠤᠬᠤ ᠭᠠᠵᠢᠭᠤ ᠰᠤᠷᠲᠠᠯ ᠢ ᠬᠤᠷᠢᠭᠯᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠪᠡ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |